﹇ᠰᠤᠷᠤᠯᠴᠠᠶ᠎ᠠ﹈ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠰᠡᠨ ᠦᠨᠳᠦᠰᠦᠯᠡᠯ ᠪᠠ ᠲᠡᠭᠦᠨ ᠤ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠵᠢᠯᠤᠭᠤᠳᠬᠤ ᠠᠴᠢ ᠬᠤᠯᠪᠣᠭᠳᠠᠯ
ᠨᠡᠶᠢᠲᠡᠯᠡᠭᠰᠡᠨ ᠴᠠᠭ᠄
2024/10/12
᠎              ᠵᠠᠳᠠᠯᠤᠯᠲᠠ᠄             ︵᠎ 1︶ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠃ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠳᠠᠯᠢ ᠪᠤᠰᠤ ᠱᠠᠲᠤ ᠪᠠ ᠬᠢᠷᠢ ᠬᠡᠮᠵᠢᠶᠡᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠵᠡᠯᠡᠬᠦ ᠪᠠᠶᠢᠷᠢ ᠰᠠᠭᠤᠷᠢ ᠪᠠ ᠦᠵᠡᠭᠦᠯᠬᠦ ᠦᠢᠯᠡᠳᠦᠯ ᠨᠢ ᠠᠳᠠᠯᠢ ᠦᠭᠡᠢ ᠪᠠᠶᠢᠳᠠᠭ᠃ ᠡᠷᠲᠡᠨ ᠤ ᠨᠡᠶᠢᠭᠡᠮ ᠳᠤ᠂ ᠵᠢᠩᠬᠢᠨᠢ ᠤᠳᠬ᠎ᠠ ᠠᠭᠤᠯᠭ᠎ᠠ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨ ᠬᠠᠷᠠᠬᠠᠨ ᠪᠤᠢ ᠪᠣᠯᠣᠭᠠᠳᠤᠢ ᠪᠠᠶᠢᠭᠰᠠᠨ ᠪᠣᠯᠬᠤᠷ ᠲᠡᠭᠦᠨ ᠢ ᠦᠢᠯᠡᠳᠪᠦᠷᠢᠯᠡᠯ ᠤᠨ ᠬᠦᠴᠦᠨ ᠮᠥᠨ ᠦᠸ ᠪᠢᠰᠢ ᠦᠸ ᠭᠡᠵᠦ ᠶᠠᠷᠢᠬᠤ ᠶᠢᠨ ᠴᠤ ᠠᠷᠭ᠎ᠠ ᠦᠭᠡᠢ ᠪᠠᠶᠢᠭᠰᠠᠨ ᠨᠢ ᠮᠡᠳᠡᠭᠡᠵᠢ ᠶᠢᠨ ᠬᠡᠷᠡᠭ᠃ ᠭᠡᠪᠡᠴᠦ ᠣᠳᠣ ᠦᠶ᠎ᠡ ᠶᠢᠨ ᠨᠡᠶᠢᠭᠡᠮ ᠳᠤ            ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠦᠢᠯᠡᠳᠪᠦᠷᠢᠯᠡᠯ ᠤᠨ ᠬᠦᠴᠦᠨ ᠪᠣᠯᠬᠤ ᠪᠠᠷ ᠪᠠᠷᠠᠬᠤ ᠦᠭᠡᠢ ᠪᠠᠰᠠ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠃            ᠡᠭᠦᠨ ᠤ ᠤᠴᠢᠷ ᠨᠢ᠄            ① ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠨᠢᠭᠡᠨᠲᠡ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠴᠢᠬᠤᠯᠠ ᠬᠦᠴᠦᠨ ᠵᠦᠢᠯ ᠪᠣᠯᠪᠠ︔            ② ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠡᠨᠲᠡ ᠦᠢᠯᠡᠳᠪᠦᠷᠢᠯᠡᠯ ᠤᠨ ᠬᠦᠴᠦᠨ ᠤ ᠡᠯᠧᠮᠧᠨ᠋ᠲ ᠤᠳ ᠤᠨ ᠳᠣᠲᠣᠷ᠎ᠠ ᠪᠦᠬᠦ ᠲᠠᠯ᠎ᠠ ᠪᠠᠷ ᠨᠡᠪᠴᠢᠵᠦ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠴᠢᠬᠤᠯᠠ ᠬᠥᠰᠢᠭᠦᠷᠭᠡ ᠪᠣᠯᠪᠠ︔            ③ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠣᠳᠣ ᠦᠶ᠎ᠡ ᠶᠢᠨ ᠨᠡᠶᠢᠭᠡᠮ ᠤᠨ ᠦᠢᠯᠡᠳᠪᠦᠷᠢᠯᠡᠯ ᠤᠨ ᠬᠥᠭᠵᠢᠯᠲᠡ ᠳᠤ ᠭᠤᠣᠯᠯᠠᠬᠤ ᠦᠢᠯᠡᠳᠦᠯ ᠪᠠ ᠤᠷᠢᠳᠴᠢᠯᠠᠭᠰᠠᠨ ᠦᠢᠯᠡᠳᠦᠯ ᠲᠠᠢ᠃             ︵᠎ 2︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠰᠡᠨ ᠦᠨᠳᠦᠰᠦᠯᠡᠯ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠵᠢᠯᠤᠭᠤᠳᠬᠤ ᠠᠴᠢ ᠬᠤᠯᠪᠣᠭᠳᠠᠯ ᠪᠣᠯᠣᠨ᠎ᠠ᠃            ᠳ᠋ᠧᠩ ᠰᠢᠶᠣᠣ ᠫᠢᠩ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠂ ᠡᠨᠡ ᠪᠣᠯ ᠲᠡᠦᠬᠡ ᠶᠢᠨ ᠪᠣᠳᠠᠰᠴᠢ ᠦᠵᠡᠯ ᠤᠨ ᠤᠨᠤᠯ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠮᠥᠨ            ② ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠤ ᠦᠨᠳᠦᠰᠦᠯᠡᠯ ᠮᠥᠨ᠂ ᠲᠡᠷᠡ ᠨᠢ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠮᠥᠨ ᠭᠡᠳᠡᠭ ᠢ ᠦᠨᠡᠨ ᠬᠦ ᠲᠠᠨᠢᠬᠤ ᠶᠢ ᠪᠢᠳᠡᠨ ᠳᠤ ᠱᠠᠭᠠᠷᠳᠠᠵᠤ ᠪᠠᠶᠢᠨ᠎ᠠ ᠂ ᠡᠷᠬᠡᠪᠰᠢ ᠰᠢᠨᠵᠢᠯᠡᠬᠦ ᠤᠬᠠᠭᠠᠨ ᠤ ᠲᠧᠭᠨᠢᠭ ᠮᠡᠷᠭᠡᠵᠢᠯ ᠢ ᠬᠥᠭᠵᠢᠭᠦᠯᠬᠦ ᠬᠡᠷᠡᠭᠲᠡᠢ            ᠲᠧᠭᠨᠢᠭ ᠮᠡᠷᠭᠡᠵᠢᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠨ ᠳᠤ ᠬᠦᠷᠲᠡᠯ᠎ᠡ ᠳᠡᠭᠡᠭᠰᠢᠯᠡᠭᠦᠯᠵᠦ᠂ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠴᠢᠬᠤᠯᠠ ᠴᠢᠨᠠᠷ ᠢ ᠲᠠᠨᠢᠪᠠ︔            ③ ᠤᠳᠦ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠦᠵᠡᠭᠦᠯᠬᠦ ᠯᠤᠲᠤ ᠶᠡᠭᠡ ᠲᠦᠯᠬᠢᠴᠡ ᠦᠢᠯᠡᠳᠦᠯ ᠨᠢ ᠮᠠᠨ ᠤ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠦᠢᠯᠡᠳᠪᠦᠷᠢᠯᠡᠯ ᠤᠨ ᠦᠢᠯᠡᠳᠦᠯᠭᠡ ᠳᠤ ᠬᠡᠷᠡᠭᠯᠡᠬᠦ ᠶᠢ ᠱᠠᠭᠠᠷᠳᠠᠵᠤ ᠪᠠᠶᠢᠨ᠎ᠠ︔            ④ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠂ ᠮᠠᠨ ᠤ ᠤᠯᠤᠰ ᠲᠤ ᠡᠷᠬᠡᠪᠰᠢ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠮᠡᠳᠡᠯᠭᠡ ᠶᠢᠨ ᠠᠵᠤ ᠠᠬᠤᠢ ᠶᠢ ᠬᠥᠭᠵᠢᠭᠦᠯᠵᠦ᠂ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠠᠬᠢᠭᠤᠯᠬᠤ ᠠᠤᠭ᠎ᠠ ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号