﹇ᠰᠤᠷᠤᠯᠴᠠᠶ᠎ᠠ﹈ ᠪᠡᠶᠡᠴᠢ ᠴᠢᠳᠠᠮᠠᠭᠠᠢ ᠴᠢᠨᠠᠷ ᠪᠣᠯᠣᠨ ᠪᠤᠰᠤᠳᠴᠢ ᠵᠢᠮ᠎ᠡ ᠶᠣᠰᠣᠴᠢ ᠴᠢᠨᠠᠷ ᠤᠨ ᠬᠠᠷᠢᠴᠠᠭ᠎ᠠ
ᠨᠡᠶᠢᠲᠡᠯᠡᠭᠰᠡᠨ ᠴᠠᠭ᠄
2024/10/12
            ᠵᠠᠳᠠᠯᠤᠯᠲᠠ᠄             ︵ 1︶ ᠪᠤᠰᠤᠳᠴᠢ ᠵᠢᠮ᠎ᠡ ᠶᠣᠰᠣ ᠶᠢ ᠬᠦᠨᠳᠦᠳᠬᠡᠬᠦ ᠪᠣᠯ ᠪᠡᠶᠡᠴᠢ ᠴᠢᠳᠠᠮᠠᠭᠠᠢ ᠴᠢᠨᠠᠷ ᠢ ᠵᠥᠪ ᠪᠠᠳᠠᠷᠠᠭᠤᠯᠬᠤ ᠶᠢᠨ ᠤᠷᠢᠲᠠᠯ ᠮᠥᠨ᠃ ᠬᠥᠮᠥᠰ ᠭᠠᠭᠴᠠ ᠬᠦ ᠪᠤᠰᠤᠳᠴᠢ ᠵᠢᠮ᠎ᠡ ᠶᠣᠰᠣ ᠶᠢ ᠲᠠᠨᠢᠵᠤ ᠡᠵᠡᠮᠰᠢᠭᠰᠡᠨ ᠰᠠᠭᠤᠷᠢᠨ ᠳᠡᠭᠡᠷ᠎ᠡ ᠰᠠᠶ᠋ᠢ ᠶᠢᠷᠲᠢᠨᠴᠦ ᠶᠢ ᠵᠥᠪ ᠢᠶᠠᠷ ᠲᠠᠨᠢᠵᠤ᠂ ᠶᠢᠷᠲᠢᠨᠴᠦ ᠶᠢ ᠠᠮᠵᠢᠯᠲᠠ ᠲᠠᠢ ᠪᠠᠷ ᠥᠭᠡᠷᠡᠴᠢᠯᠡᠵᠦ ᠴᠢᠳᠠᠨ᠎ᠠ᠃ ᠭᠠᠭᠴᠠ ᠬᠦ ᠲᠡᠦᠬᠡ ᠶᠢᠨ ᠵᠢᠮ᠎ᠡ ᠶᠣᠰᠣ ᠪᠠ ᠠᠬᠢᠴᠠ ᠶᠢ ᠵᠢᠷᠤᠮᠯᠠᠵᠤ᠂ ᠴᠠᠭ ᠦᠶ᠎ᠡ ᠶᠢᠨ ᠠᠮᠢᠨ ᠰᠤᠳᠠᠰᠤ ᠪᠠ ᠠᠵᠠ ᠲᠣᠬᠢᠶᠠᠯ ᠢ ᠡᠵᠡᠮᠳᠡᠪᠡᠯ ᠰᠠᠶ᠋ᠢ ᠵᠢᠩᠬᠢᠨᠢ ᠪᠠᠷ ᠪᠡᠶᠡᠯᠡᠭᠳᠡᠵᠦ ᠴᠢᠳᠠᠨ᠎ᠠ             ︵ 2︶ ᠭᠠᠭᠴᠠ ᠬᠦ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠪᠠᠯ ᠰᠠᠶ᠋ᠢ ᠪᠤᠰᠤᠳᠴᠢ ᠵᠢᠮ᠎ᠡ ᠶᠣᠰᠣ ᠶᠢ ᠵᠥᠪ ᠢᠶᠠᠷ ᠲᠠᠨᠢᠨ ᠠᠰᠢᠭᠯᠠᠵᠤ ᠴᠢᠳᠠᠨ᠎ᠠ᠃ ᠵᠢᠮ᠎ᠡ ᠶᠣᠰᠣᠨ ᠤ ᠪᠤᠰᠤᠳᠴᠢ ᠴᠢᠨᠠᠷ ᠢ ᠵᠥᠪᠰᠢᠶᠡᠷᠡᠬᠦ ᠭᠡᠳᠡᠭ ᠨᠢ ᠵᠢᠮ᠎ᠡ ᠶᠣᠰᠣᠨ ᠤ ᠡᠮᠦᠨ᠎ᠡ ᠬᠥᠮᠥᠨ ᠴᠢᠳᠠᠯ ᠦᠭᠡᠢ᠂ ᠶᠠᠭᠤ ᠴᠤ ᠪᠦᠲᠦᠭᠡᠵᠦ ᠴᠢᠳᠠᠬᠤ ᠦᠭᠡᠢ ᠭᠡᠰᠡᠨ ᠦᠭᠡ ᠪᠢᠰᠢ᠂ ᠬᠠᠷᠢᠨ ᠬᠥᠮᠥᠨ ᠤᠬᠠᠮᠰᠠᠷᠲᠤ ᠠᠵᠢᠯᠯᠠᠭ᠎ᠠ ᠪᠠᠷ ᠢᠶᠠᠨ ᠵᠢᠮ᠎ᠡ ᠶᠣᠰᠣ ᠶᠢ ᠲᠠᠨᠢᠵᠤ᠂ ᠪᠤᠰᠤᠳᠴᠢ ᠵᠢᠮ᠎ᠡ ᠶᠣᠰᠣ ᠪᠠᠷ ᠶᠢᠷᠲᠢᠨᠴᠦ ᠶᠢ ᠥᠭᠡᠷᠡᠴᠢᠯᠡᠵᠦ᠂ ᠥᠪᠡᠷ ᠤᠨ ᠬᠡᠷᠡᠭᠴᠡᠭᠡ ᠪᠠᠨ ᠬᠠᠩᠭᠠᠳᠠᠭ ᠭᠡᠰᠡᠨ ᠦᠭᠡ ᠶᠤᠮ᠃             ︵ 3︶ ᠬᠡᠷᠡᠭ ᠪᠣᠳᠠᠰ ᠤᠨ ᠬᠥᠭᠵᠢᠯᠲᠡ ᠶᠢᠨ ᠪᠤᠰᠤᠳᠴᠢ ᠵᠢᠮ᠎ᠡ ᠶᠣᠰᠣᠴᠢ ᠴᠢᠨᠠᠷ ᠢ ᠬᠦᠨᠳᠦᠳᠬᠡᠬᠦ ᠪᠠ ᠬᠥᠮᠥᠨ ᠤ ᠪᠡᠶᠡᠴᠢ ᠴᠢᠳᠠᠮᠠᠭᠠᠢ ᠴᠢᠨᠠᠷ ᠢ ᠪᠠᠳᠠᠷᠠᠭᠤᠯᠬᠤ ᠪᠣᠯ ᠬᠤᠪᠢᠰᠤᠩᠭᠤᠢ ᠨᠢᠭᠡᠳᠦᠯ ᠲᠠᠢ ᠪᠠᠶᠢᠳᠠᠭ᠂ ᠦᠢᠯᠡᠳᠦᠯᠭᠡ ᠪᠣᠯ ᠪᠤᠰᠤᠳᠴᠢ ᠵᠢᠮ᠎ᠡ ᠶᠣᠰᠣᠴᠢ ᠴᠢᠨᠠᠷ ᠪᠠ ᠪᠡᠶᠡᠴᠢ ᠴᠢᠳᠠᠮᠠᠭᠠᠢ ᠴᠢᠨᠠᠷ ᠢ ᠨᠢᠭᠡᠳᠬᠡᠬᠦ ᠶᠢᠨ ᠰᠠᠭᠤᠷᠢ ᠮᠥᠨ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号