ᠭᠤᠷᠪᠠᠳᠤᠭᠠᠷ ᠬᠤᠭᠤᠴᠠᠭᠠᠨ ᠤ ᠺᠠᠢ ᠶᠠᠩ ᠬᠤᠨᠳᠠᠭᠠᠲᠤ ︵2024︶ ᠬᠦᠷᠳᠦᠲᠦ ᠰᠠᠨᠳᠠᠯᠢ ᠶᠢᠨ ᠥᠷᠢᠰᠥᠯᠳᠦᠭᠴᠢ ᠶᠢᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠠᠯᠠᠱᠠ ᠳᠤ ᠡᠬᠢᠯᠡᠪᠡ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 10᠎ ᠤ ᠡᠳᠦᠷ᠂ ᠭᠤᠷᠪᠠᠳᠤᠭᠠᠷ ᠬᠤᠭᠤᠴᠠᠭᠠᠨ ᠤ ᠺᠠᠶ ᠶᠠᠩ ᠬᠤᠨᠳᠠᠭᠠᠲᠤ ︵2024︶ ᠬᠦᠷᠳᠦᠲᠦ ᠰᠠᠨᠳᠠᠯᠢ ᠶᠢᠨ ᠥᠷᠢᠰᠥᠯᠳᠦᠭᠴᠢ ᠶᠢᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠠᠯᠠᠱᠠ ᠶᠢᠨ ᠬᠦᠰᠡᠯ ᠮᠥᠷᠦᠭᠡᠳᠦᠯ ᠤᠨ ᠡᠯᠡᠰᠦᠨ ᠴᠥᠯ ᠤᠨ ᠴᠡᠴᠡᠷᠯᠢᠭ ᠲᠤ ᠡᠬᠢᠯᠡᠪᠡ᠃ ᠪᠡᠭᠡᠵᠢᠩ᠂ ᠲᠢᠶᠠᠨᠵᠢᠨ᠂ ᠾᠧᠪᠸᠢ᠂ ᠱᠠᠨ ᠰᠢ ᠵᠡᠷᠭᠡ 19 ᠮᠤᠵᠢ ᠬᠤᠲᠠ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 20 ᠡᠩᠨᠡᠭᠡ᠂ 162 ᠲᠠᠮᠢᠷᠴᠢᠨ ᠬᠤᠶᠠᠷ ᠡᠳᠦᠷ ᠤᠨ ᠠᠵᠢᠯᠯᠠᠭ᠎ᠠ ᠶᠢᠨ ᠳᠤᠮᠳᠠ ᠡᠷᠡᠯᠬᠡᠭᠯᠡᠨ ᠲᠡᠮᠡᠴᠡᠵᠦ᠂ ᠬᠦᠰᠡᠯ ᠮᠥᠷᠦᠭᠡᠳᠦᠯ ᠢᠶᠠᠨ ᠡᠷᠡᠯᠬᠡᠭᠯᠡᠨ ᠬᠥᠭᠡᠭᠡᠴᠡᠯᠳᠦᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠠᠯᠠᠱᠠ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠭᠢᠯᠡᠵᠦ᠂ ᠠᠯᠠᠱᠠ ᠠᠶᠢᠮᠠᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠮᠠᠬᠠᠪᠣᠳ ᠤᠨ ᠬᠥᠭᠵᠢᠯ ᠤᠨ ᠪᠡᠷᠬᠡᠰᠢᠶᠡᠯ ᠲᠠᠢ ᠬᠦᠮᠦᠰ ᠤᠨ ᠨᠡᠶᠢᠭᠡᠮᠯᠢᠭ᠂ ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠦᠢᠯᠡᠴᠢᠯᠡᠭᠡᠨ ᠤ ᠲᠥᠪ ᠠᠴᠠ ᠳᠠᠭᠠᠭᠠᠨ ᠡᠷᠭᠢᠯᠡᠪᠡ᠃
   ᠠᠵᠢᠯᠯᠠᠭ᠎ᠠ ᠳᠤ ᠬᠦᠷᠳᠦᠲᠦ ᠰᠠᠨᠳᠠᠯᠢ ᠶᠢᠨ ᠡᠯᠡᠰᠦᠨ ᠴᠥᠯ ᠳᠠᠬᠢ ᠵᠠᠰᠠᠮᠠᠯ ᠵᠠᠮ ᠤᠨ 10 ᠺᠢᠯᠣᠮᠧᠲᠷ ᠤᠨ ᠥᠷᠢᠰᠦᠯᠳᠦᠭᠡᠨ ᠤ ᠤᠷᠤᠯᠳᠤᠭᠠᠨ᠂ ᠡᠯᠡᠰᠦᠨ ᠴᠥᠯ ᠤᠨ ᠶᠠᠪᠠᠭᠠᠨ ᠤᠷᠤᠯᠳᠤᠭᠠᠨ᠂ ᠰᠣᠬᠤᠷ ᠬᠥᠮᠦᠨ ᠬᠢᠭᠡᠳ ᠬᠦᠷᠳᠦᠲᠦ ᠰᠠᠨᠳᠠᠯᠢ ᠶᠢᠨ ᠰᠠᠭᠠᠳ ᠲᠠᠢ 50 ᠮᠧᠲᠷ ᠤᠨ ᠪᠠᠭᠠᠨ᠎ᠠ ᠲᠣᠭᠤᠷᠢᠬᠤ ᠤᠷᠤᠯᠳᠤᠭᠠᠨ  ᠂ ᠬᠦᠷᠳᠦᠲᠦ ᠰᠠᠨᠳᠠᠯᠢ ᠶᠢᠨ 4 × 100 ᠮᠧᠲᠷ ᠤᠨ ᠪᠤᠤᠬᠢᠶ᠎ᠠ ᠤᠷᠤᠯᠳᠤᠭᠠᠨ᠂ ᠬᠦᠷᠳᠦᠲᠦ ᠰᠠᠨᠳᠠᠯᠢ ᠶᠢᠨ 100 ᠮᠧᠲᠷ ᠤᠨ ᠤᠷᠤᠯᠳᠤᠭᠠᠨ ︵ᠬᠤᠪᠢ ᠬᠥᠮᠦᠨ︶᠂ ᠬᠦᠷᠳᠦᠲᠦ ᠰᠠᠨᠳᠠᠯᠢ ᠶᠢᠨ ᠨᠠᠭᠤᠷ ᠲᠣᠭᠤᠷᠢᠬᠤ ᠤᠷᠤᠯᠳᠤᠭᠠᠨ᠂ ᠡᠯᠡᠰᠦᠨ ᠴᠥᠯ ᠤᠨ ᠳᠡᠭᠡᠰᠦ ᠲᠠᠲᠠᠬᠤ ᠤᠷᠤᠯᠳᠤᠭᠠᠨ᠂ ᠨᠠᠰᠤᠲᠠᠶᠢᠴᠤᠳ ᠤᠨ ᠥᠨᠳᠥᠷ ᠲᠤ ᠠᠪᠠᠷᠢᠬᠤ ᠵᠡᠷᠭᠡ ᠣᠨᠴᠠᠯᠢᠭᠲᠤ ᠲᠥᠷᠥᠯ ᠵᠦᠢᠯ ᠢ ᠲᠣᠬᠢᠷᠠᠭᠤᠯᠪᠠ᠃ ᠶᠡᠭᠡ ᠬᠤᠷᠠᠯ ᠠᠴᠠ ᠪᠠᠰᠠ ᠮᠣᠩᠭᠤᠯ ᠦᠨᠳᠦᠰᠦᠲᠡᠨ ᠤ ᠪᠥᠬᠡ ᠪᠠᠷᠢᠯᠳᠤᠬᠤ᠂ ᠤᠯᠠᠮᠵᠢᠯᠠᠯᠲᠤ ᠰᠤᠷ ᠬᠠᠷᠪᠤᠬᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ— ᠠᠯᠠᠱᠠ ᠶᠢᠨ ᠰᠢᠷᠠᠭᠰᠠᠨ ᠪᠦᠬᠦᠯᠢ ᠬᠤᠨᠢᠨ ᠰᠢᠭᠦᠰᠦ ᠶᠢᠨ ᠦᠵᠡᠭᠦᠯᠦᠯᠭᠡ᠂ ᠲᠦᠳᠡᠭ ᠭᠠᠯ ᠤᠨ ᠦᠳᠡᠰᠢᠯᠡᠭᠡ ᠵᠡᠷᠭᠡ ᠡᠯᠡᠰᠦᠨ ᠴᠥᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠲᠣᠬᠢᠷᠠᠭᠤᠯᠪᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号