ᠠᠯᠠᠱᠠ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2024 ᠣᠨ ᠤ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/14
   10 ᠰᠠᠷ᠎ᠠ ᠶᠢᠨ 9᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠤᠰᠬᠠᠶ ᠵᠥᠪᠯᠡᠯ ᠤᠨ ᠬᠠᠷᠢᠭᠤᠴᠠᠯᠭᠠᠲᠠᠨ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠪᠠᠷ ᠪᠦᠷᠢᠯᠳᠦᠭᠰᠡᠨ ᠪᠠᠶᠢᠴᠠᠭᠠᠨ ᠦᠵᠡᠬᠦ ᠳᠤᠭᠤᠶᠢᠯᠠᠩ ᠢ ᠳᠠᠭᠠᠭᠤᠯᠤᠨ᠂ ᠪᠥᠬᠦ ᠬᠤᠰᠢᠭᠤᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠴᠢᠬᠤᠯᠠ ᠶᠡᠭᠡ ᠢᠨᠵᠧᠨᠧᠷᠢᠩ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠬᠤᠭᠤᠴᠠᠭᠠᠨ ᠳᠤ ᠠᠷᠠᠳ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠪᠥᠬᠦ ᠬᠤᠰᠢᠭᠤᠨ ᠤ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠦᠵᠡᠪᠡ᠃     ᠪᠠᠶᠢᠴᠠᠭᠠᠨ ᠦᠵᠡᠬᠦ ᠳᠤᠭᠤᠶᠢᠯᠠᠩ ᠤᠷᠢᠳ ᠬᠤᠵᠢᠳ ᠴᠠᠬᠠᠷ ᠤᠨ ᠬᠥᠳᠡᠭᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠠᠵᠤ ᠦᠢᠯᠡᠰ ᠤᠨ ᠲᠥᠷᠥᠯ ᠵᠦᠢᠯ᠂ ᠠᠯᠠᠱᠠ ᠠᠶᠢᠮᠠᠭ ᠤᠨ ᠶᠢᠨ ᠪᠤᠯᠠᠭ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠯᠵᠡᠶ ᠪᠣᠭᠤᠮᠲᠠ᠂ ᠠᠯᠠᠱᠠ ᠠᠶᠢᠮᠠᠭ ᠤᠨ ᠬᠥᠮᠦᠨ ᠪᠠ ᠰᠢᠨ᠎ᠡ ᠡᠨᠧᠷᠭᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠠᠯᠠᠱᠠ ᠵᠡᠭᠦᠨ ᠬᠤᠰᠢᠭᠤᠨ ᠤ ᠪᠠᠷᠠᠭᠤᠨ ᠬᠡᠰᠡᠭ ᠤᠨ ᠴᠦᠯᠯᠡᠷᠭᠡᠭᠵᠢᠯ ᠢ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠤ ᠢᠯᠴᠢ ᠬᠠᠩᠭᠠᠬᠤ ︽ ᠳᠤᠯᠠᠭᠠᠯᠭ᠎ᠠ ᠶᠢᠨ ᠢᠨᠵᠧᠨᠧᠷᠢᠩ︾᠎ ᠤᠨ ᠲᠥᠷᠥᠯ ᠵᠦᠢᠯ᠂ ᠪᠠᠶᠠᠨᠬᠤᠲᠠ ᠶᠢᠨ ᠬᠤᠲᠠ ᠪᠠᠯᠭᠠᠰᠤᠨ ᠤ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠵᠡᠷᠭᠡ ᠭᠠᠵᠠᠷ ᠲᠤ ᠬᠦᠷᠴᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃    ᠪᠠᠶᠢᠴᠠᠭᠠᠨ ᠦᠵᠡᠬᠦ ᠳᠤᠭᠤᠶᠢᠯᠠᠩ ᠠᠴᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠨᠠᠷ ᠬᠠᠮᠲᠤ ᠪᠠᠷ ᠪᠠᠶᠢᠴᠠᠭᠠᠨ ᠦᠵᠡᠬᠦ ᠠᠵᠢᠯ ᠢ ᠥᠷᠨᠢᠭᠦᠯᠬᠦ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠦ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠠᠶᠢᠴᠠᠭᠠᠨ ᠦᠵᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠨᠢᠭᠡᠴᠡ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ︽ᠦᠢᠯᠡᠴᠢᠯᠡᠭᠴᠢ︾᠎ ᠶᠢᠨ ᠵᠣᠷᠢᠭ ᠰᠠᠨᠠᠭ᠎ᠠ ᠶᠢ ᠪᠠᠲᠤ ᠪᠣᠶ ᠪᠣᠯᠭᠠᠵᠤ᠂ ᠢᠳᠡᠪᠬᠢᠲᠡᠶ ᠪᠠᠷ ᠡᠭᠦᠷᠭᠡᠯᠡᠨ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠲᠥᠷᠥᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ᠠᠵᠤ ᠠᠬᠤᠶᠢᠯᠠᠯ ᠢ ᠬᠠᠪᠰᠤᠷᠤᠨ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠴᠠᠭ ᠲᠤᠬᠠᠶ ᠳᠤᠨᠢ ᠰᠢᠢᠳᠪᠦᠷᠢᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠵᠡᠷᠭᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃    ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠠᠶᠢᠳᠣᠷ ᠰᠢᠢᠳᠪᠦᠷᠢᠯᠡᠬᠦ ᠪᠣᠯ ᠬᠠᠤᠯᠢ ᠴᠠᠭᠠᠵᠠ ᠪᠠ ᠠᠷᠠᠳ ᠲᠦᠮᠡᠨ ᠠᠴᠠ ᠣᠯᠭᠤᠭᠰᠠᠨ ᠨᠢᠭᠡᠨ ᠢᠷᠠᠭᠤ ᠠᠯᠳᠠᠷᠲᠤ ᠡᠭᠦᠷᠭᠡ ᠮᠥᠨ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠨᠦᠭᠦᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠨ᠂ ᠭᠦᠨᠵᠡᠭᠡᠢ ᠪᠠᠶᠢᠴᠠᠭᠠᠨ ᠰᠤᠳᠤᠯᠵᠤ᠂ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠨ᠂ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃    ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠤᠶᠤᠨᠲᠤ ᠤᠰᠤᠨ ᠤ ᠶᠠᠪᠤᠳᠠᠯ ᠤᠨ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠤ ᠨᠢᠭᠡᠴᠡ ᠶᠢᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠦᠷᠦᠯ ᠵᠦᠢᠯ ᠤᠨ ᠪᠠᠷᠢᠯᠭ᠎ᠠ ᠶᠢᠨ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠪᠠᠷᠢᠯᠭ᠎ᠠ ᠶᠢᠨ ᠲᠥᠰᠦᠯ ᠢ ᠴᠢᠨᠠᠭᠰᠢᠳᠠ ᠰᠢᠯᠢᠳᠡᠭᠵᠢᠭᠦᠯᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠪᠠᠲᠤᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃    ᠭᠠᠶᠢᠯᠢ ᠲᠠᠲᠠᠪᠤᠷᠢ ᠪᠣᠯ ᠭᠠᠵᠠᠷ ᠣᠷᠣᠨ ᠤ ᠡᠳ᠋ ᠤᠨ ᠵᠠᠰᠠᠭ ᠤᠨ ᠴᠢᠬᠤᠯᠠ ᠲᠤᠯᠭᠠᠭᠤᠷᠢᠯᠠᠯ ᠮᠥᠨ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠬᠠᠷᠢᠶ᠎ᠠ ᠣᠷᠣᠨ ᠤ ᠠᠵᠤ ᠠᠬᠤᠶᠢᠯᠠᠯ ᠢ ᠳᠡᠮᠵᠢᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ︽ᠪᠠᠲᠤ ᠴᠢᠩᠭ᠎ᠠ ᠲᠦᠰᠢᠭᠦᠷ︾ ᠪᠣᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠴᠢᠯᠠᠨ ᠦᠢᠯᠡᠴᠢᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠳᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠭᠠᠶᠢᠯᠢ ᠶᠢᠨ ᠢᠷᠡᠯᠲᠡ ᠶᠢ ᠲᠣᠭᠲᠠᠪᠤᠷᠢᠵᠢᠭᠤᠯᠵᠤ᠂ ᠴᠢᠨᠠᠷ ᠰᠠᠶᠢᠲᠠᠶ ᠭᠠᠶᠢᠯᠢ ᠶᠢᠨ ᠢᠷᠡᠯᠲᠡ ᠶᠢ ᠬᠠᠳᠠᠭᠠᠯᠠᠵᠤ᠂ ᠭᠠᠶᠢᠯᠢ ᠲᠠᠲᠠᠪᠤᠷᠢ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠵᠦ᠂ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号