ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠬᠤᠸᠠ ᠶᠤᠸᠠᠨ ᠨᠠᠶᠢᠬᠡᠮ ᠲᠣᠭᠤᠷᠢᠭ ᠤᠨ ︽ᠵᠣᠯ ᠵᠢᠷᠭᠠᠯᠲᠤ ᠬᠤᠭᠤᠯᠠᠨ ᠭᠡᠷ ᠠᠵᠢᠯᠯᠠᠭᠤᠯᠵᠤ ᠡᠬᠢᠯᠡᠪᠡ
ᠨᠡᠶᠢᠲᠡᠯᠡᠭᠰᠡᠨ ᠴᠠᠭ᠄
2024/10/14
     2024 ᠣᠨ ᠤ 10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠬᠤᠸᠠ ᠶᠤᠸᠠᠨ ᠨᠠᠶᠢᠬᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ  ᠲᠣᠭᠲᠠᠭᠰᠠᠨ ᠬᠤᠭᠤᠴᠠᠭᠠᠨ ᠳᠠᠭᠠᠨ ᠠᠵᠢᠯᠯᠠᠭᠤᠯᠪᠡ︕   ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢᠯᠠᠩᠭᠤᠶ᠎ᠠ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ᠂ ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠬᠤᠸᠠ ᠶᠤᠸᠠᠨ ᠨᠠᠶᠢᠬᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ ᠦᠪᠡᠳᠡᠭᠰᠢ ᠶᠡᠭᠡ ᠪᠠᠷ ᠠᠵᠢᠯᠯᠠᠭᠤᠯᠵᠤ ᠡᠬᠢᠯᠡᠪᠡ᠃ ᠬᠤᠭᠤᠯᠠᠨ ᠬᠡᠷ ᠨᠢ ︽ᠰᠠᠭᠤᠭᠠᠯᠢ ᠠᠷᠠᠳ ᠲᠤ ᠦᠢᠯᠡᠴᠢᠯᠡᠵᠦ᠂ ᠡᠷᠡᠭᠦᠯ ᠮᠡᠨᠳᠦ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠣᠯᠠᠨ ᠳᠤ ᠠᠮᠤᠷ ᠲᠦᠪᠰᠢᠨ᠂ ᠰᠢᠮ᠎ᠡ ᠲᠡᠵᠢᠭᠡᠯ᠂ ᠳᠥᠭᠦᠮ ᠳᠥᠲᠡ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠪᠠ᠃
   ᠡᠨᠡ ᠵᠢᠯ 62 ᠨᠠᠰᠤᠲᠠᠢ ᠨᠢᠶᠧ ᠰᠢᠦ ᠴᠢᠨ ᠡᠩ ᠤᠨ ᠣᠢᠶ᠎ᠠ ᠳᠤ ᠬᠥᠭᠰᠢᠨ ᠲᠠᠢ ᠪᠠᠨ ᠬᠠᠮᠲᠤ ᠠᠮᠢᠳᠤᠷᠠᠵᠤ᠂ ᠦᠷ᠎ᠡ ᠬᠡᠦᠬᠡᠳ ᠨᠢ ᠠᠵᠢᠯ ᠳᠤ ᠪᠠᠨ ᠶᠠᠭᠠᠷᠠᠵᠤ ᠡᠳᠦᠷ ᠪᠣᠯᠭᠠᠨ ᠬᠤᠶᠠᠷ ᠬᠥᠭᠰᠢᠨ ᠢ ᠠᠰᠠᠷᠠᠵᠤ  ᠬᠤᠭᠤᠯᠠ ᠤᠮᠳᠠ ᠶᠢ ᠨᠢ ᠬᠢᠵᠤ ᠥᠭᠴᠦ ᠴᠢᠳᠠᠬᠤ ᠦᠭᠡᠢ ᠪᠠᠶᠢᠯ᠎ᠠ᠃ ᠣᠳᠣ ᠨᠠᠶᠢᠬᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ  ᠠᠵᠢᠯᠯᠠᠵᠤ ᠡᠬᠢᠯᠡᠭᠰᠡᠨ ᠤ ᠳᠠᠷᠠᠭ᠎ᠠ᠂ ᠨᠢᠶᠧ ᠰᠢᠦ ᠴᠢᠨ ᠮᠠᠰᠢ ᠶᠡᠭᠡ ᠪᠠᠶᠠᠷᠯᠠᠵᠤ᠂ ᠬᠤᠭᠤᠯᠠᠨ ᠲᠢᠩᠬᠢᠮ ᠳᠤ ᠮᠢᠬ᠎ᠠ ᠨᠣᠭᠤᠭᠠᠨ ᠤ ᠲᠦᠷᠦᠯ ᠵᠦᠢᠯ ᠡᠯᠪᠡᠭ᠂  ᠰᠢᠮ᠎ᠡ ᠲᠡᠵᠢᠭᠡᠯ ᠲᠠᠢ᠂ ᠠᠷᠢᠭᠤᠨ ᠴᠡᠪᠡᠷ᠂ ᠭᠡᠷ ᠠᠴᠠ ᠪᠠᠰᠠ ᠣᠶᠢᠷᠠᠬᠠᠨ ᠪᠠᠶᠢᠵᠤ᠂ ᠮᠠᠰᠢ ᠳᠥᠭᠦᠮ ᠮᠥᠷᠲᠡᠭᠡᠨ ᠣᠯᠠᠨ ᠳᠤ ᠪᠣᠳᠠᠲᠠᠢ ᠠᠰᠢᠭ ᠬᠦᠷᠲᠡᠪᠡ᠃    ᠰᠢ ᠬᠤᠸᠠ ᠶᠤᠸᠠᠨ ᠬᠤᠷᠢᠶᠠᠯᠠᠯ ᠤᠨ ᠰᠠᠭᠤᠭᠠᠯᠢ ᠠᠷᠠᠳ      ᠨᠢᠶᠧ ᠰᠢᠤ ᠴᠢᠨ
     ᠣᠶᠢᠯᠠᠭᠠᠭᠰᠠᠨ ᠢᠶᠠᠷ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠨᠢ ᠡᠳᠦᠷ ᠤᠨ ᠭᠤᠷᠪᠠᠨ ᠬᠤᠭᠤᠯᠠ ᠬᠠᠩᠭᠠᠵᠤ᠂ ᠡᠯ᠎ᠡ ᠲᠥᠷᠥᠯ ᠤᠨ ᠭᠤᠯᠢᠷ᠂ ᠪᠣᠣᠪᠤ᠂ ᠠᠮᠲᠠᠲᠤ ᠬᠠᠭᠤᠷᠤᠯᠭ᠎ᠠ᠂ ᠰᠢᠮ᠎ᠡ ᠲᠡᠵᠢᠭᠡᠯ ᠲᠠᠢ ᠱᠥᠯᠥ ᠵᠡᠷᠭᠡ ᠣᠯᠠᠨ ᠶᠠᠩᠵᠤ ᠶᠢᠨ ᠰᠣᠩᠭᠤᠯᠳᠠ ᠲᠠᠢ ᠪᠠᠶᠢᠵᠤ᠂ ᠨᠣᠭᠤᠭ᠎ᠠ ᠶᠢᠨ ᠬᠠᠮᠤᠭ ᠤᠨ ᠥᠨᠳᠥᠷ ᠦᠨ᠎ᠡ ︵ᠬᠤᠶᠠᠷ ᠮᠢᠬ᠎ᠠ  ᠲᠠᠢ ᠨᠣᠭᠤᠭ᠎ᠠ᠂ ᠬᠤᠶᠠᠷ ᠵᠠᠭᠤᠰᠢ︶ ᠶᠢ 15 ᠲᠥᠭᠦᠷᠢᠭ ᠠᠴᠠ ᠳᠠᠪᠠᠭᠤᠯᠬᠤ ᠥᠬᠡᠶ᠃ ᠬᠤᠭᠤᠯᠠ ᠢᠳᠡᠬᠦ ᠴᠠᠭ ᠨᠢ ᠥᠷᠯᠥᠭᠡ ᠶᠢᠨ 7᠄ 00 ᠠᠴᠠ 9᠄ 30᠂ ᠦᠳᠡ ᠶᠢᠨ 11᠄ 30 ᠠᠴᠠ 13᠄ 00᠂ ᠣᠷᠣᠢ ᠶᠢᠨ 5᠄ 00 ᠠᠴᠠ 7᠄ 30᠃
   ᠨᠡᠶᠢᠭᠡᠮ ᠲᠣᠭᠤᠷᠢᠭ ᠲᠤ ᠪᠠᠰᠠ ᠨᠠᠰᠣᠲᠠᠶᠢᠴᠣᠳ᠂ ᠬᠦᠴᠢᠷᠳᠡᠯᠲᠡᠶ ᠬᠥᠮᠦᠰ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠲᠦᠷᠭᠡᠨ ᠬᠦᠷᠭᠡᠯᠲᠡ ᠶᠢᠨ ᠠᠵᠢᠯᠳᠠᠳ ᠵᠡᠷᠭᠡ ᠣᠨᠴᠠᠭᠠᠶ ᠬᠥᠮᠦᠰ ᠲᠤ ᠴᠢᠭᠯᠡᠭᠦᠯᠦᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠬᠠᠩᠭᠠᠪᠠ᠄ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠬᠦᠴᠢᠷᠳᠡᠯᠲᠡᠶ ᠬᠥᠮᠦᠰ ᠨᠡᠶᠢᠭᠡᠮ ᠲᠣᠭᠤᠷᠢᠭ ᠢᠶᠠᠷ ᠲᠠᠮᠵᠢᠨ ᠬᠤᠭᠤᠯᠠᠨ ᠤ ᠵᠠᠷᠤᠳᠠᠯ ᠤᠨ ᠬᠠᠷᠠᠭᠠᠯᠵᠠᠯ ᠭᠤᠶᠤᠴᠢᠯᠠᠵᠤ ᠪᠣᠯᠤᠨ᠎ᠠ᠂ ᠭᠠᠭᠴᠠᠭᠠᠷ ᠰᠠᠭᠤᠭ᠎ᠠ ᠪᠠ ᠶᠠᠪᠣᠵᠣ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠰᠠᠶᠢᠨ ᠳᠤᠷ᠎ᠠ ᠶᠢᠨ ᠦᠢᠯᠡᠴᠢᠯᠡᠭᠴᠢᠳ ᠢᠶᠠᠷ ᠬᠡᠷ ᠲᠤᠨᠢ ᠬᠦᠷᠭᠡᠵᠦ ᠦᠢᠯᠡᠴᠢᠯᠡᠭᠦᠯᠵᠦ ᠪᠣᠯᠤᠨ᠎ᠠ᠃
   ᠲᠠᠷᠠᠭᠠᠴᠢ ᠶᠢᠨ ᠠᠯᠬᠤᠮ ᠳᠤ᠂ ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠣᠯᠠᠨ ᠲᠦᠮᠡᠨ ᠯᠦᠭᠡ ᠶᠢᠨ ᠬᠠᠷᠢᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠠᠬᠢ ᠵᠣᠯ ᠵᠢᠷᠭᠠᠯ ᠢ ᠤᠯᠠᠮ ᠲᠠᠭᠠᠲᠠᠢ ᠰᠠᠶᠢᠬᠠᠨ ᠡᠳ᠋ᠯᠡᠭᠦᠯᠬᠦ ᠪᠠᠷ ᠴᠢᠷᠮᠠᠶᠢᠨ᠎ᠠ᠃     ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢ ᠬᠤᠸᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ       ᠵᠤᠤ ᠯᠢ ᠶᠤᠸᠠᠨ
       
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号