ᠠᠯᠠᠱᠠ ᠵᠡᠭᠦᠨ ᠬᠤᠰᠢᠭᠤᠨ ᠤ ᠬᠤᠸᠠ ᠶᠤᠸᠠᠨ ᠰᠢᠨ ᠼᠦᠨ ᠬᠤᠷᠢᠶᠠᠯᠠᠯ ᠤᠨ ᠨᠢᠭᠡ ᠬᠡᠰᠡᠭ ᠭᠠᠵᠠᠷ ᠢ ᠦᠭᠡᠷᠡᠴᠢᠯᠡᠨ ᠰᠢᠨᠡᠳᠬᠡᠪᠡ
ᠨᠡᠶᠢᠲᠡᠯᠡᠭᠰᠡᠨ ᠴᠠᠭ᠄
2024/10/15
   ᠪᠠᠶᠠᠨᠬᠤᠲᠠ ᠶᠢᠨ ᠬᠤᠸᠠ ᠶᠤᠸᠠᠨ ᠰᠢᠨ ᠼᠦᠨ ᠬᠤᠷᠢᠶᠠᠯᠠᠯ ᠤᠨ 21 ᠳ᠋ᠦ᠋ᠭᠡᠷ ᠠᠰᠠᠷ ᠤᠨ ᠬᠠᠵᠠᠭᠤ ᠲᠠᠯ᠎ᠠ ᠶᠢᠨ ᠨᠢᠭᠡ ᠬᠡᠰᠡᠭ ᠭᠠᠵᠠᠷ ᠨᠢ ᠵᠢᠯ ᠪᠦᠷᠢ ᠶᠢᠨ ᠪᠣᠷᠣᠭᠠᠨ ᠤ ᠤᠯᠠᠷᠢᠯ ᠳᠤ ᠣᠰᠣᠨ ᠱᠠᠯᠴᠢᠭ ᠪᠣᠯᠵᠤ᠂ ᠬᠤᠷᠢᠶᠠᠯᠠᠯ ᠤᠨ ᠰᠠᠭᠤᠭᠠᠯᠢ ᠠᠷᠠᠳ ᠤᠨ ᠶᠠᠪᠣᠵᠣ ᠰᠠᠭᠤᠬᠤ ᠶᠢ ᠶᠡᠭᠡ ᠪᠠᠷ ᠨᠥᠯᠦᠭᠡᠯᠡᠭᠰᠡᠨ ᠪᠠᠶᠢᠨ᠎ᠠ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠵᠢᠴᠢ ᠬᠦᠴᠢᠷᠳᠡᠯ ᠢ ᠭᠦᠢᠴᠡᠳ ᠣᠶᠢᠯᠠᠭᠠᠭᠰᠠᠨ ᠤ ᠳᠠᠷᠠᠭ᠎ᠠ ᠨᠡᠶᠢᠭᠡᠮ ᠲᠣᠭᠤᠷᠢᠭ ᠠᠴᠠ ᠡᠨᠡ ᠬᠦ ᠠᠰᠠᠭᠤᠳᠠᠯ ᠢ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠᠨ ᠳᠤ ᠣᠷᠣᠭᠤᠯᠵᠤ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠪᠣᠯᠬᠤ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠨᠠᠷᠢᠨ ᠶᠠᠷᠢᠯᠴᠠᠭᠰᠠᠨ ᠤ ᠳᠠᠷᠠᠭ᠎ᠠ ᠰᠢᠨᠡᠳᠭᠡᠨ ᠥᠭᠡᠷᠡᠴᠢᠯᠡᠬᠦ ᠪᠠᠷ ᠲᠣᠭᠲᠠᠪᠠ᠃
   ᠠᠷᠪᠠᠨ ᠬᠡᠳᠦᠨ ᠡᠳᠦᠷ ᠤᠨ ᠪᠠᠷᠢᠯᠭ᠎ᠠ ᠶᠢᠨ ᠠᠵᠢᠯ ᠢᠶᠠᠷ ᠳᠠᠮᠵᠢᠭᠠᠳ ᠨᠡᠶᠢᠲᠡ 630 ᠲᠡᠭᠰᠢ ᠳᠥᠷᠪᠡᠯᠵᠢᠨ ᠮᠧᠲᠷ ᠭᠠᠵᠠᠷ ᠢ ᠬᠠᠲᠠᠭᠤᠷᠠᠭᠤᠯᠵᠤ᠂ ᠪᠠᠷᠤᠭ ᠵᠠᠭᠤᠨ ᠮᠧᠲᠷ ᠰᠢᠬᠠᠮ ᠬᠡᠷᠡᠮ ᠪᠠᠷᠢᠵᠤ᠂ ᠪᠠᠰᠠ ᠠᠷᠪᠠᠨ ᠬᠡᠳᠦᠨ ᠲᠡᠷᠭᠡᠨ ᠤ ᠵᠣᠭᠰᠣᠭᠠᠯ   ᠲᠠᠢ ᠪᠣᠯᠣᠭᠰᠠᠨ ᠪᠠᠶᠢᠨ᠎ᠠ᠃    ᠬᠠᠲᠠᠭᠤᠷᠠᠬᠤ ᠠᠴᠠ ᠡᠮᠦᠨᠡᠬᠢ
   ᠬᠠᠲᠠᠭᠤᠷᠠᠭᠰᠠᠨ ᠤ ᠳᠠᠷᠠᠭ᠎ᠠ
   ᠦᠭᠡᠷᠡᠴᠢᠯᠡᠨ ᠰᠢᠨᠡᠳᠭᠡᠵᠤ ᠲᠠᠭᠤᠰᠣᠭᠰᠠᠨ ᠤ ᠳᠠᠷᠠᠭ᠎ᠠ  ᠬᠤᠷᠢᠶᠠᠯᠠᠯ ᠤᠨ ᠲᠡᠷᠭᠡ ᠵᠤᠭᠰᠤᠬᠤ ᠳᠤ ᠬᠦᠴᠢᠷ᠂ ᠶᠠᠪᠠᠭᠠᠨ ᠬᠦᠮᠦᠨ ᠤ ᠶᠠᠪᠣᠬᠤ ᠳᠤ ᠲᠦᠬᠦᠮ ᠦᠭᠡᠢ ᠵᠡᠷᠭᠡ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠵᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号