﹇ᠰᠤᠷᠤᠯᠴᠠᠶ᠎ᠠ﹈ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠲᠤᠬᠠᠶ ᠪᠣᠳᠠᠲᠠᠶ ᠱᠠᠭᠠᠷᠳᠠᠯᠭ᠎ᠠ
ᠨᠡᠶᠢᠲᠡᠯᠡᠭᠰᠡᠨ ᠴᠠᠭ᠄
2024/10/15
            ︵ 1︶  ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ ᠠᠴᠠ ᠪᠠᠨ ᠨᠥᠬᠦᠷᠯᠡᠬᠦ᠂ ᠵᠣᠪᠠᠯ ᠵᠢᠷᠭᠠᠯ ᠢᠶᠠᠨ ᠬᠠᠮᠲᠤᠳᠬᠠᠬᠤ ᠶᠢ ᠪᠠᠷᠢᠮᠲᠠᠯᠠᠵᠤ᠂ ᠠᠷᠠᠳᠴᠢᠯᠠᠭᠰᠠᠨ ᠨᠠᠮ ᠪᠦᠯᠦᠭ ᠤᠳ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ ᠣᠷᠣᠯᠴᠠᠭᠴᠢ ᠨᠠᠮ ᠤᠨ ᠱᠠᠭᠠᠷᠳᠠᠯᠭ᠎ᠠ ᠶᠣᠰᠣᠭᠠᠷ ᠡᠭᠦᠷᠭᠡ ᠲᠤᠰᠢᠶᠠᠯ ᠢᠶᠠᠨ ᠨᠡᠩ ᠰᠠᠶᠢᠲᠤᠷ ᠭᠦᠢᠴᠡᠳᠬᠡᠬᠦ ᠶᠢ ᠳᠡᠮᠵᠢᠨ᠎ᠡ᠃       ︵ 2︶  ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠦᠷᠢᠯᠳᠦᠭᠦᠯᠦᠨ᠎ᠡ᠃       ︵ 3︶  ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ ᠰᠤᠷᠲᠠᠬᠤᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃       ︵ 4︶  ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠭᠤᠣᠯ ᠰᠡᠳᠦᠪ ᠢ ᠪᠠᠲᠤ ᠡᠵᠡᠮᠳᠡᠵᠦ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠶ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号