ᠡᠴᠢᠭᠡ ᠡᠬᠡ ᠦᠷ᠎ᠡ ᠬᠡᠦᠬᠡᠳ ᠢᠶᠠᠨ ᠳᠠᠭᠠᠭᠤᠯᠤᠨ ᠬᠥᠳᠡᠭᠡ ᠭᠠᠳᠠᠭ᠎ᠠ ᠰᠠᠯᠬᠢᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/16
   10 ᠳ᠋ᠤᠭᠠᠷ ᠰᠠᠷ᠎ᠠ ᠶᠢᠨ 13᠎ ᠤ ᠡᠳᠦᠷ᠂ ᠠᠯᠠᠱᠠ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠯᠠᠱᠠ ᠵᠡᠭᠦᠨ ᠬᠤᠰᠢᠭᠤᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ ᠲᠥᠪ᠂ ᠠᠯᠠᠱᠠ ᠵᠡᠭᠦᠨ ᠬᠤᠰᠢᠭᠤᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠭᠡᠮᠯᠢᠭ᠂ ᠰᠾᠢ ᠮᠠᠢ ᠡᠯ ᠤᠷᠠᠯᠢᠭ ᠤᠨ ᠰᠤᠷᠭᠠᠭᠤᠯᠢ ᠲᠠᠢ ᠬᠠᠮᠲᠤᠷᠠᠨ ᠪᠠᠶᠢᠭᠠᠯᠢ ᠲᠠᠢ ᠣᠶᠢᠷᠠᠲᠤᠵᠤ᠂ ᠰᠠᠶᠢᠨ ᠰᠠᠶᠢᠬᠠᠨ ᠠᠮᠢᠳᠤᠷᠠᠯ ᠢ ᠮᠡᠳᠡᠷᠡᠭᠦᠯᠬᠦ ᠪᠠᠷ ᠠᠭᠤᠯᠭ᠎ᠠ ᠪᠣᠯᠭᠠᠵᠤ᠂ ︽ᠵᠣᠯ ᠵᠢᠷᠭᠠᠯᠲᠤ ᠭᠡᠷ ᠪᠦᠯᠢ ᠶᠢ ᠬᠠᠮᠲᠤᠪᠠᠷ ᠪᠦᠲᠦᠭᠡᠨ ᠪᠠᠶᠢᠭᠤᠯᠬᠤ︾ ᠡᠴᠢᠭᠡ ᠡᠬᠡ ᠦᠷ᠎ᠡ ᠬᠡᠦᠬᠡᠳ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠵᠠᠭᠤ ᠭᠠᠷᠤᠢ ᠭᠡᠷ ᠪᠦᠯᠢ ᠢᠳᠡᠪᠬᠢᠲᠡᠢ ᠣᠷᠣᠯᠴᠠᠪᠠ᠃
    ᠬᠤᠯᠠᠨ ᠤ ᠲᠠᠯ᠎ᠠ ᠶᠢᠨ ᠮᠤᠷᠤᠢ ᠰᠠᠷᠤᠢ ᠮᠣᠳᠣᠨ ᠬᠥᠭᠦᠷᠭᠡᠨ ᠵᠠᠮ ᠳᠡᠭᠡᠷ᠎ᠡ᠂ ᠬᠡᠦᠬᠡᠳ ᠤᠳ ᠪᠣᠯᠣᠨ ᠭᠡᠷ ᠤᠨ ᠠᠬᠠᠮᠠᠳ᠂ ᠪᠠᠭᠰᠢ ᠨᠠᠷ ᠤᠨ ᠳᠠᠭᠠᠭᠤᠯᠭ᠎ᠠ ᠳᠣᠣᠷ᠎ᠠ᠂ ᠠᠭᠤᠯᠠᠨ ᠤᠷᠤᠢ ᠶᠢ ᠴᠢᠭᠯᠡᠨ ᠪᠠᠶᠠᠷ ᠬᠦᠷ ᠲᠠᠢ ᠶᠠᠪᠣᠵᠠᠭᠠᠵᠤ ᠪᠠᠶᠢᠯ᠎ᠡ᠃ ᠴᠥᠭᠡᠨ ᠪᠤᠰᠤ ᠪᠢᠴᠢᠬᠠᠨ ᠨᠠᠶᠢᠵᠠ ᠨᠠᠷ ᠪᠠᠰᠠ ᠬᠤᠭ ᠤᠨ ᠤᠭᠤᠲᠠ ᠳᠡᠭᠦᠵᠢᠯᠡᠵᠦ᠂ ᠶᠠᠪᠤᠬᠤ ᠶᠢᠨ ᠳᠠᠭᠠᠤ ᠵᠠᠮ ᠤᠨ ᠬᠠᠵᠠᠭᠤ ᠳᠠᠬᠢ ᠬᠤᠭ ᠨᠣᠪᠰᠢ ᠶᠢ ᠲᠡᠭᠦᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠢᠴᠢᠬᠠᠨ ᠬᠠᠮᠠᠭᠠᠯᠠᠭᠴᠢ ᠪᠣᠯᠬᠤ ᠪᠠᠷ ᠴᠢᠷᠮᠠᠶᠢᠪᠠ᠃    ᠠᠵᠢᠯᠯᠠᠭ᠎ᠠ ᠶᠢᠨ ᠳᠤᠮᠳᠠ᠂ ᠬᠡᠦᠬᠡᠳ ᠤᠳ ᠪᠠᠭᠰᠢ ᠶᠢᠨ ᠲᠠᠶᠢᠯᠤᠮᠵᠢ ᠳᠣᠤᠷ᠎ᠠ ᠬᠠᠮᠲᠤ ᠪᠠᠷ ᠠᠯᠠᠱᠠ ᠠᠭᠤᠯᠠᠨ ᠤ ᠬᠠᠳᠠᠨ ᠵᠢᠷᠤᠭ ᠢ ᠲᠣᠭᠤᠷᠢᠨ ᠦᠵᠡᠵᠦ ᠣᠶᠢᠯᠠᠭᠠᠵᠤ᠂ ᠬᠡᠷ ᠤᠨ ᠠᠬᠠᠮᠠᠳ ᠲᠠᠢ ᠬᠠᠮᠲᠤ ᠣᠷᠳᠣ ᠡᠪᠬᠡᠮᠡᠯ ᠵᠢᠷᠤᠭ ᠵᠢᠷᠤᠬᠤ᠂ ᠰᠢᠯᠦᠭ ᠤᠶᠠᠩᠭᠠᠯᠠᠬᠤ ᠤᠷᠠᠨ ᠤᠩᠰᠢᠯᠭ᠎ᠠ ᠵᠡᠷᠭᠡ ᠠᠵᠢᠯᠯᠠᠭ᠎ᠠ ᠳᠤ ᠣᠷᠣᠯᠴᠠᠵᠤ᠂ ᠪᠠᠶᠠᠷ ᠬᠥᠷ ᠲᠠᠢ ᠠᠭᠤᠷ ᠠᠮᠢᠰᠬᠤᠯ ᠤᠨ ᠳᠣᠮᠳᠠ ᠡᠴᠢᠭᠡ ᠡᠬᠡ ᠦᠷ᠎ᠡ ᠬᠡᠦᠬᠡᠳ ᠤᠳ ᠬᠠᠮᠲᠣ ᠳᠤ ᠪᠠᠨ ᠵᠣᠯ ᠵᠢᠷᠭᠠᠯ ᠢᠶᠠᠨ ᠬᠤᠪᠢᠶᠠᠯᠴᠠᠪᠡ᠃     ᠰᠤᠷᠤᠭᠴᠢ     ᠯᠢ ᠶᠥᠩ ᠰᠢ
   ᠪᠢ ᠰᠤᠷᠭᠠᠭᠤᠯᠢ ᠶᠢᠨ ᠵᠣᠬᠢᠶᠠᠨ ᠪᠠᠶᠢᠭᠤᠯᠣᠯᠳᠠ ᠪᠠᠷ ᠬᠤᠯᠠᠨ ᠤ ᠲᠠᠯ᠎ᠠ ᠳᠤ ᠡᠵᠢ ᠠᠪᠤ ᠨᠠᠶᠢᠵᠠ ᠨᠥᠬᠦᠳ ᠎ ᠲᠠᠢ ᠪᠠᠨ ᠬᠠᠮᠲᠣ ᠢᠷᠡᠵᠤ᠂ ᠮᠠᠰᠢ ᠣᠯᠠᠨ ᠪᠠᠶᠢᠭᠠᠯᠢ ᠶᠢᠷᠲᠢᠨᠴᠦ ᠶᠢᠨ ᠮᠡᠳᠡᠯᠭᠡ ᠶᠢ ᠣᠶᠢᠯᠠᠭᠠᠵᠠᠢ᠂ ᠮᠢᠨᠤ ᠬᠤᠪᠢ ᠳᠤ ᠡᠨᠡ ᠭᠠᠷᠠᠭ ᠤᠨ ᠰᠡᠭᠦᠯᠴᠢ ᠶᠢ ᠮᠠᠰᠢ ᠰᠠᠶᠢᠬᠠᠨ ᠤᠳᠬ᠎ᠠ ᠠᠭᠤᠯᠭ᠎ᠠ ᠲᠠᠢ  ᠥᠩᠭᠡᠷᠡᠭᠦᠯᠪᠡ ᠭᠡᠵᠤ ᠦᠵᠡᠵᠤ ᠪᠠᠶᠢᠨ᠎ᠠ
   ᠰᠤᠷᠤᠭᠴᠢ ᠶᠢᠨ ᠭᠡᠷ ᠤᠨ ᠠᠬᠠᠮᠠᠳ       ᠸᠠᠩ ᠶᠠ ᠵᠢᠶᠦ᠋ᠨ
   ᠲᠤᠰ ᠤᠳᠠᠭᠠᠨ ᠤ ᠠᠵᠢᠯᠯᠠᠭ᠎ᠠ ᠨᠢ ᠬᠡᠦᠬᠡᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠤᠯᠠᠮ ᠨᠢᠭᠲᠠ ᠪᠣᠯᠭᠠᠭᠰᠠᠨ ᠢᠶᠠᠷ ᠪᠠᠷᠠᠬᠤ ᠦᠭᠡᠢ ᠪᠠᠰᠠ ᠬᠡᠤᠬᠡᠳ ᠤᠳ ᠢ ᠡᠬᠡ ᠪᠠᠶᠢᠭᠠᠯᠢ ᠲᠠᠢ ᠣᠶᠢᠷᠠᠲᠤᠭᠤᠯᠬᠤ ᠶᠢᠨ ᠬᠠᠮᠲᠤ ᠬᠠᠷᠠᠭ᠎ᠠ ᠶᠢ ᠨᠢ ᠥᠷᠭᠡᠳᠬᠡᠪᠡ᠃   ᠠᠯᠠᠱᠠ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ      ᠡᠩᠬᠡᠴᠡᠩᠭᠡᠯ
   ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠤᠯᠣᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠬᠡᠷ ᠪᠦᠯᠢ ᠶᠢᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠴᠢᠭᠡ ᠡᠬᠡ ᠦᠷ᠎ᠡ ᠬᠡᠤᠬᠡᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠨᠡᠮᠡᠭᠳᠡᠭᠦᠯᠦᠨ᠂ ᠨᠡᠶᠢᠭᠡᠮ ᠳᠠᠶᠠᠭᠠᠷ ᠲᠤ ᠤᠯᠤᠰ ᠢᠶᠠᠨ ᠬᠠᠶᠢᠷᠠᠯᠠᠵᠤ ᠬᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号