ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠰᠤᠭᠠᠢ - ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ
ᠨᠡᠶᠢᠲᠡᠯᠡᠭᠰᠡᠨ ᠴᠠᠭ᠄
2024/10/17
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠪᠣᠯ ᠬᠥᠮᠥᠰ ᠤᠨ ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠶᠡᠷᠦᠩᠬᠡᠢ ᠬᠠᠨᠳᠤᠰᠢ᠂ ᠲᠡᠦᠬᠡ ᠶᠢᠨ ᠵᠠᠶᠢᠯᠠᠰᠢ ᠦᠭᠡᠢ ᠬᠠᠨᠳᠤᠰᠢ ᠪᠤᠯᠬᠤ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠠᠬᠢᠭᠤᠯᠬᠤ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃             ᠰᠢᠨ᠎ᠡ ᠴᠠᠭ ᠦᠶ᠎ᠡ ᠰᠢᠨ᠎ᠡ ᠠᠶᠠᠨ ᠳᠤ᠂ ᠨᠠᠮ ᠪᠣᠯᠣᠨ ᠤᠯᠤᠰ ᠤᠨ ᠭᠤᠣᠯ ᠡᠭᠦᠷᠭᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠂ ᠡᠭᠦᠨ ᠳᠤ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠦᠯᠬᠦᠮᠳᠡᠨ ᠲᠡᠮᠡᠴᠡᠬᠦ ᠬᠡᠷᠡᠭᠲᠡᠢ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠪᠣᠯ ᠵᠠᠶᠢᠯᠠᠰᠢ ᠦᠭᠡᠢ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠠᠪᠤᠴᠠ ᠮᠥᠨ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠶᠢᠨ ᠠᠯᠤᠰ ᠭᠡᠳᠦ ᠶᠢᠨ ᠪᠠ ᠦᠨᠳᠦᠰᠦᠨ ᠵᠦᠢᠯ ᠪᠣᠯ ᠳᠤᠮᠳᠠᠳᠤ ᠶᠢᠨ ᠰᠣᠶᠣᠯ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠠᠨᠳᠤᠭᠤᠯᠵᠤ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠬᠠᠮᠲᠤ ᠪᠠᠷ ᠪᠡᠶᠡᠯᠡᠭᠦᠯᠬᠦ ᠬᠡᠷᠡᠭᠲᠡᠢ᠃             ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠡᠭᠦᠷᠭᠡ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠳᠠᠷᠤᠢ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠶ ᠪᠤᠯᠭᠠᠬᠤ ᠶᠠᠪᠤᠳᠠᠯ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃             ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠤᠳᠤᠷᠢᠳᠬᠤ ᠭᠤᠣᠯᠯᠠᠭᠴᠢ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠮᠥᠨ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠥᠲᠥᠯᠥᠨ ᠳᠠᠭᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠤᠨ᠂ ᠤᠶᠤᠨ ᠰᠠᠨᠠᠭ᠎ᠠ ᠶᠢ ᠬᠠᠷᠢᠯᠴᠠᠨ ᠲᠦᠰᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠤᠶᠤᠨ ᠤ ᠰᠣᠶᠣᠯ ᠤᠨ ᠲᠦᠰᠢᠭ ᠲᠤᠯᠭᠠᠭᠤᠷᠢ ᠬᠠᠩᠭᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠤᠯᠬᠤ ᠦᠭᠡᠢ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠦᠨᠳᠦᠰᠦᠲᠡᠨ ᠨᠦᠭᠦᠳ ᠤᠨ ᠪᠦᠭᠦ ᠲᠠᠯ᠎ᠠ ᠶᠢᠨ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠠᠷᠠᠳ ᠢᠷᠭᠡᠨ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠪᠠ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃             ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠲᠡᠨ ᠨᠦᠭᠦᠳ ᠭᠠᠷ ᠭᠠᠷ ᠢᠶᠠᠨ ᠬᠤᠯᠪᠣᠯᠴᠠᠨ᠂ ᠮᠥᠷᠥ ᠵᠡᠷᠭᠡᠴᠡᠨ ᠬᠠᠮᠲᠤ ᠪᠠᠷ ᠴᠢᠷᠮᠠᠶᠢᠨ ᠲᠡᠮᠡᠴᠡᠬᠦ ᠬᠡᠷᠡᠭᠲᠡᠢ᠃ ᠢᠷᠡᠭᠡᠳᠦᠢ ᠳᠤ ᠬᠠᠨᠳᠤᠵᠤ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠣᠭᠴᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠳᠦᠰᠦᠲᠡᠨ ᠨᠦᠭᠦᠳ ᠶᠡᠭᠡ ᠪᠠᠷ ᠪᠦᠯᠬᠦᠮᠳᠡᠭᠰᠡᠨ ᠳᠤᠮᠳᠠᠳᠤ ᠤᠯᠤᠰ ᠯᠠᠪᠲᠠᠢ ᠶᠠᠪᠤᠳᠠᠯ ᠪᠦᠭᠦᠨ ᠳᠤ ᠢᠯᠠᠯᠲᠠ ᠣᠯᠵᠤ᠂ ᠯᠠᠪᠲᠠᠢ ᠭᠡᠭᠡᠨ ᠰᠠᠷᠠᠭᠤᠯ ᠢᠷᠡᠭᠡᠳᠦᠢ ᠶᠢ ᠡᠭᠦᠳᠴᠦ᠂ ᠮᠠᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠯᠠᠪᠲᠠᠢ ᠢᠯᠠᠯᠲᠠ ᠲᠠᠢ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠬᠦᠷᠴᠦ ᠢᠷᠡᠬᠦ ᠶᠤᠮ᠃                        
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号