ᠠᠯᠠᠱᠠ ᠵᠡᠭᠦᠨ ᠬᠤᠰᠢᠭᠤᠨ ᠤ 2014 ᠣᠨ ᠤ ᠶᠠᠳᠠᠭᠤ ᠠᠴᠠ ᠠᠩᠭᠢᠵᠢᠷᠠᠭᠰᠠᠨ ᠭᠦᠳᠡᠯᠮᠦᠷᠢ ᠬᠦᠴᠦᠨ ᠤ ᠠᠵᠢᠯ ᠬᠢᠵᠦ ᠠᠵᠢᠯ ᠣᠯᠬᠤ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠣᠯᠭᠤᠬᠤ ᠲᠥᠰᠥᠯ
ᠨᠡᠶᠢᠲᠡᠯᠡᠭᠰᠡᠨ ᠴᠠᠭ᠄
2024/10/17
            ᠶᠠᠳᠠᠭᠤ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢ ᠠᠵᠢᠯ ᠤᠨ ᠪᠠᠶᠢᠷᠢ ᠳᠤ ᠲᠣᠭᠲᠠᠭᠤᠨ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢᠨ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠶᠢᠨ ᠲᠥᠯᠥᠭᠡ᠂ ᠣᠨᠴᠠᠭᠠᠶᠢᠯᠠᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠭᠦᠳᠡᠯᠮᠦᠷᠢ ᠬᠦᠴᠦᠨ ᠤ ᠠᠵᠢᠯ ᠬᠢᠵᠦ ᠠᠵᠢᠯ ᠣᠯᠬᠤ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠣᠯᠭᠤᠬᠤ ᠲᠥᠰᠥᠯ ᠢ ᠲᠣᠭᠲᠠᠭᠠᠪᠠ᠃       ᠨᠢᠭᠡ᠂ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠭᠰᠠᠨ ᠤ ᠲᠤᠰᠠᠯᠠᠬᠤ ᠡᠲᠡᠭᠡᠳ᠂ ᠨᠥᠬᠦᠴᠡᠯ᠂ ᠲᠤᠰᠠᠯᠠᠬᠤ ᠪᠠᠷᠢᠮᠵᠢᠶ᠎ᠠ ᠵᠢᠴᠢ ᠪᠡᠯᠡ ᠮᠥᠩᠭᠦ ᠶᠢᠨ ᠢᠷᠡᠯᠲᠡ       ︵ᠨᠢᠭᠡ︶ ᠲᠤᠰᠠᠯᠠᠬᠤ ᠡᠲᠡᠭᠡᠳ᠄ ᠳᠠᠭᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠰᠢᠰᠲ᠋ᠧᠮ ᠤᠨ ᠳᠣᠲᠣᠷ᠎ᠠ ᠪᠦᠬᠦᠯᠢ 18 ᠨᠠᠰᠤ ᠭᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠵᠤ ᠲᠥᠷᠥ ᠶᠢᠨ ᠪᠣᠳᠣᠯᠭ᠎ᠠ ᠶᠢᠨ ᠡᠷᠦᠭᠡ ᠪᠦᠬᠦᠢ ᠭᠦᠳᠡᠯᠮᠦᠷᠢ ᠬᠦᠴᠦᠨ᠂ ᠬᠢᠨᠠᠨ ᠬᠡᠮᠵᠢᠬᠦ ᠡᠲᠡᠭᠡᠳ ᠤᠨ ᠭᠦᠳᠡᠯᠮᠦᠷᠢ ᠬᠦᠴᠦᠨ ᠢ ᠭᠦᠷᠲᠡᠨ᠎ᠡ᠃       ︵ᠬᠤᠶᠠᠷ︶ ᠲᠤᠰᠠᠯᠠᠬᠤ ᠬᠡᠪᠴᠢᠶ᠎ᠡ᠄ ᠲᠤᠬᠠᠢ ᠶᠢᠨ ᠵᠢᠯ ᠳᠤ ᠲᠣᠭᠲᠠᠪᠤᠷᠢᠲᠠᠢ ᠠᠵᠢᠯ ᠣᠯᠵᠤ ᠬᠢᠭᠰᠡᠨ ᠨᠡᠶᠢᠲᠡ 3 ᠰᠠᠷ᠎ᠠ ᠵᠢᠴᠢ ᠲᠡᠭᠦᠨ ᠠᠴᠠ ᠳᠡᠭᠡᠭᠰᠢᠬᠢ ︵ᠬᠢᠨᠠᠨ ᠬᠡᠮᠵᠢᠬᠦ ᠡᠲᠡᠭᠡᠳ ᠨᠢ ᠬᠤᠰᠢᠭᠤ ᠳᠡᠰ ᠤᠨ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠪᠤᠳᠣᠨ᠎ᠠ︶᠂ ᠰᠠᠷ᠎ᠠ ᠶᠢᠨ ᠳᠤᠮᠳᠠᠴᠢ ᠴᠠᠯᠢᠩ ᠨᠢ 1500 ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠠᠶᠢᠪᠠᠯ᠂ ᠬᠥᠯᠥᠰᠦᠨ ᠠᠵᠢᠯ ᠬᠢᠵᠦ ᠠᠵᠢᠯ ᠣᠯᠣᠭᠠᠳ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠨᠥᠬᠦᠪᠦᠷᠢ ᠭᠤᠶᠤᠴᠢᠯᠠᠵᠤ ᠪᠣᠯᠣᠨ᠎ᠠ᠃       ᠳᠣᠣᠷᠠᠬᠢ ᠪᠠᠶᠢᠳᠠᠯ ᠳᠤ ᠨᠥᠬᠦᠪᠦᠷᠢ ᠥᠭᠬᠦ ᠦᠭᠡᠢ᠄       1. ᠡᠯ᠎ᠡ ᠱᠠᠲᠤᠨ ᠤ ᠲᠥᠷᠥ ᠶᠢᠨ ᠪᠣᠳᠣᠯᠭ᠎ᠠ ᠪᠤᠶᠤ ᠲᠥᠷᠥᠯ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ ᠲᠡᠳᠬᠦᠵᠦ ᠲᠥᠪᠬᠢᠨᠡᠭᠦᠯᠬᠦ ᠠᠵᠢᠯ ᠤᠨ ᠪᠠᠶᠢᠷᠢ ᠶᠢ ᠲᠡᠳᠬᠦᠬᠦ ᠳᠤ ᠲᠤᠰᠠᠯᠠᠮᠵᠢ ᠣᠯᠭᠤᠬᠤ ᠦᠭᠡᠢ᠂ ᠵᠢᠱᠢᠶᠡᠯᠡᠪᠡᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠣᠢ ᠰᠢᠭᠤᠢ ᠬᠠᠮᠠᠭᠠᠯᠠᠭᠴᠢ᠂ ᠡᠪᠡᠰᠦ ᠬᠠᠮᠢᠶᠠᠷᠤᠭᠴᠢ ᠂ ᠳᠠᠩᠰᠠᠯᠠᠬᠤ ᠳᠦᠷᠢᠮᠲᠦ ᠠᠵᠢᠯᠲᠠᠨ᠂ ᠪᠠᠷᠠᠭᠤᠨ ᠣᠷᠣᠨ ᠤ ᠲᠥᠯᠥᠪᠯᠡᠭᠡ᠂ ᠲᠤᠰᠠᠯᠠᠬᠤ ᠴᠠᠭᠳᠠᠭ᠎ᠠ᠂ ᠭᠤᠷᠪᠠ ᠶᠢ ᠲᠤᠰᠠᠯᠠᠵᠤ ᠨᠢᠭᠡ ᠶᠢ ᠲᠡᠳᠬᠦᠬᠦ ᠵᠡᠷᠭᠡ ᠠᠳᠠᠯᠢᠪᠲᠤᠷ ᠪᠠᠶᠢᠳᠠᠯ᠃       2. ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠬᠥᠮᠥᠰ ᠲᠤ ᠲᠤᠰᠠᠯᠠᠮᠵᠢ ᠣᠯᠭᠤᠬᠤ ᠦᠭᠡᠢ᠃       3. ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠪᠣᠯ᠂ ᠲᠡᠭᠦᠨ ᠤ ᠲᠤᠰ ᠬᠥᠮᠥᠨ᠂ ᠬᠤᠯᠪᠤᠰᠤ ᠪᠣᠯᠣᠨ ᠠᠰᠠᠷᠠᠨ ᠲᠡᠵᠢᠭᠡᠬᠦ ᠠᠰᠠᠷᠠᠨ ᠲᠡᠵᠢᠭᠡᠬᠦ ᠬᠠᠷᠢᠴᠠᠭ᠎ᠠ ᠲᠠᠢ ᠰᠢᠭᠤᠳ ᠲᠥᠷᠥᠯ ᠰᠠᠳᠤᠨ ᠨᠢ ᠲᠤᠰ ᠬᠥᠮᠥᠨ ᠤ ᠠᠳᠠᠯ ᠦᠢᠯᠡᠰ ᠴᠣᠭᠴᠠᠯᠠᠬᠤ ᠺᠤᠮᠫᠠᠨᠢ ᠳᠤ ᠠᠵᠢᠯ ᠣᠯᠣᠭᠰᠠᠨ ᠪᠣᠯ ᠨᠥᠬᠦᠪᠦᠷᠢ ᠣᠯᠭᠤᠬᠤ ᠦᠭᠡᠢ᠃       ︵ᠭᠤᠷᠪᠠ︶ ᠲᠤᠰᠠᠯᠠᠬᠤ ᠪᠠᠷᠢᠮᠵᠢᠶ᠎ᠠ᠄ ᠬᠥᠮᠥᠨ ᠪᠦᠷᠢ ᠶᠢᠨ ᠭᠦᠳᠡᠯᠮᠦᠷᠢ ᠬᠦᠴᠦᠨ ᠤ ᠰᠠᠷ᠎ᠠ ᠪᠦᠷᠢ 200 ᠲᠥᠭᠦᠷᠢᠭ᠃       ︵ᠳᠥᠷᠪᠡ︶ ᠪᠡᠯᠡ ᠮᠥᠩᠭᠦ ᠶᠢᠨ ᠢᠷᠡᠯᠲᠡ᠄ 2022 ᠣᠨ ᠤ ᠵᠣᠯᠭᠠᠭᠤᠯᠬᠤ ᠪᠡᠯᠡ ᠮᠥᠩᠭᠦ ᠶᠢ ᠬᠥᠷᠥᠩᠭᠡ ᠶᠢᠨ ᠠᠰᠢᠭ ᠣᠯᠵᠠᠪᠤᠷᠢ ᠶᠢᠨ ᠲᠥᠷᠥᠯ ᠵᠦᠢᠯ ᠤᠨ ᠬᠤᠷᠢᠶᠠᠨ ᠠᠪᠴᠤ ᠲᠤᠰᠢᠶᠠᠬᠤ ᠶᠢᠨ ᠡᠬᠡ ᠮᠥᠩᠭᠦ ᠶᠢ ᠠᠮᠢᠯᠠᠭᠤᠯᠤᠨ 110 ᠲᠦᠮᠡᠨ ᠲᠥᠭᠦᠷᠢᠭ ᠬᠡᠷᠡᠭᠯᠡᠨ᠎ᠡ᠃       ᠬᠤᠶᠠᠷ᠂ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠨᠥᠬᠦᠪᠦᠷᠢ ᠶᠢᠨ ᠭᠤᠶᠤᠴᠢᠯᠠᠯ᠂ ᠡᠷᠭᠢᠯᠡᠨ ᠭᠦᠢᠴᠡᠳᠬᠡᠬᠦ ᠴᠤᠪᠤᠷᠠᠯ       ︵ᠨᠢᠭᠡ︶ ᠬᠤᠪᠢ ᠬᠥᠮᠥᠨ ᠭᠤᠶᠤᠴᠢᠯᠠᠬᠤ᠄ ᠲᠤᠰ ᠬᠥᠮᠥᠨ ᠨᠢ ᠪᠠᠶᠢᠭ᠎ᠠ ᠭᠠᠴᠠᠭ᠎ᠠ ᠲᠣᠰᠬᠤᠨ ᠤ ᠵᠥᠪᠯᠡᠯ ᠳᠤ ᠭᠤᠶᠤᠴᠢᠯᠠᠯ ᠳᠤᠷᠠᠳᠤᠨ᠎ᠠ᠃ ᠭᠠᠳᠠᠭᠰᠢ ᠬᠦᠴᠦ ᠶᠠᠪᠤᠭᠠᠳ ᠡᠭᠡᠭᠦᠯᠦᠨ ᠪᠤᠴᠠᠭᠠᠭᠰᠠᠨ ᠦᠭᠡᠢ ᠪᠠᠶᠢᠪᠠᠯ᠂ ᠲᠤᠰ ᠬᠥᠮᠥᠨ ᠢᠶᠠᠷ ᠨᠢ ᠵᠥᠪᠰᠢᠶᠡᠷᠡᠭᠦᠯᠦᠭᠡᠳ᠂ ᠲᠤᠰ ᠬᠥᠮᠥᠨ ᠤ ᠲᠥᠷᠥᠯ ᠰᠠᠳᠤᠨ᠂ ᠭᠠᠴᠠᠭ᠎ᠠ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠪᠤᠶᠤ ᠭᠦᠳᠡᠯᠮᠦᠷᠢ ᠬᠦᠴᠦ ᠭᠠᠷᠭᠠᠬᠤ ᠪᠠᠶᠢᠭᠤᠯᠤᠮᠵᠢ ᠳᠤ ᠨᠠᠶᠢᠳᠠᠵᠤ ᠣᠷᠣᠯᠠᠭᠤᠯᠤᠨ ᠭᠤᠶᠤᠴᠢᠯᠠᠵᠤ ᠪᠣᠯᠣᠨ᠎ᠠ᠃       ︵ᠬᠤᠶᠠᠷ︶ ᠭᠠᠴᠠᠭ᠎ᠠ ᠲᠣᠰᠬᠤᠨ ᠤ ᠱᠠᠲᠤᠨ ᠤ ᠬᠢᠨᠠᠨ ᠬᠠᠷᠭᠤᠭᠤᠯᠵᠤ ᠨᠡᠶᠢᠲᠡ ᠳᠤ ᠵᠠᠷᠯᠠᠬᠤ᠄ ᠭᠠᠴᠠᠭ᠎ᠠ ᠲᠣᠰᠬᠤᠨ ᠤ ᠱᠠᠲᠤᠨ ᠤ ᠠᠵᠢᠯ ᠡᠷᠭᠢᠯᠡᠵᠦ ᠠᠵᠢᠯ ᠣᠯᠣᠭᠰᠠᠨ ᠡᠬᠡ ᠳᠠᠩᠰᠠ ᠪᠠᠷ ᠰᠠᠭᠤᠷᠢ ᠪᠤᠯᠭᠠᠵᠤ᠂ ᠭᠠᠴᠠᠭ᠎ᠠ ᠲᠣᠰᠬᠤᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠠᠩᠬ᠎ᠠ ᠠᠯᠬᠤᠮ ᠬᠢᠨᠠᠨ ᠬᠠᠷᠭᠤᠭᠤᠯᠤᠭᠰᠠᠨ ᠤ ᠳᠠᠷᠠᠭ᠎ᠠ 5 ᠡᠳᠦᠷ ᠠᠴᠠ ᠳᠤᠲᠠᠭᠤ ᠦᠭᠡᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠭᠠᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠠᠯᠪᠠᠨ ᠵᠠᠬᠢᠳᠠᠯ ᠢᠶᠠᠷ ᠪᠠᠶᠢᠭ᠎ᠠ ᠰᠤᠮᠤ ᠪᠠᠯᠭᠠᠰᠤ ᠳᠤ ᠮᠡᠳᠡᠭᠦᠯᠦᠨ᠎ᠡ᠃       ︵ᠭᠤᠷᠪᠠ︶ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠢᠨᠠᠨ ᠬᠠᠷᠭᠤᠭᠤᠯᠬᠤ ᠬᠡᠷᠡᠭᠲᠡᠢ᠃ ᠭᠤᠶᠤᠴᠢᠯᠠᠭᠴᠢ ᠶᠢᠨ ᠪᠠᠶᠢᠭ᠎ᠠ ᠰᠤᠮᠤ ᠪᠠᠯᠭᠠᠰᠤ ᠨᠢ ᠭᠠᠴᠠᠭ᠎ᠠ ᠲᠣᠰᠬᠤᠨ ᠤ ᠠᠩᠬ᠎ᠠ ᠬᠢᠨᠠᠬᠤ ᠳᠤ ᠮᠡᠳᠡᠭᠦᠯᠦᠨ ᠬᠦᠷᠭᠡᠭᠰᠡᠨ ᠬᠥᠯᠥᠰᠦᠨ ᠠᠵᠢᠯ ᠬᠢᠭᠰᠡᠳ ᠤᠨ ᠪᠡᠶ᠎ᠡ ᠶᠢᠨ ᠭᠠᠷᠤᠯ ᠪᠣᠯᠣᠨ ᠠᠵᠢᠯ ᠣᠯᠣᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ᠂ ᠪᠦᠭᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠭᠢᠨ ᠶᠠᠳᠠᠭᠤᠷᠠᠬᠤ ᠮᠡᠳᠡᠭᠡ ᠵᠠᠩᠭᠢ ᠶᠢ ᠬᠢᠨᠠᠨ ᠰᠢᠨᠵᠢᠬᠦ ᠰᠢᠰᠲ᠋ᠧᠮ ᠳᠠᠬᠢ ᠬᠦᠴᠦ ᠶᠠᠪᠤᠵᠤ ᠠᠵᠢᠯ ᠣᠯᠣᠭᠰᠠᠨ ᠮᠡᠳᠡᠭᠡ ᠵᠠᠩᠭᠢ ᠯᠤᠭ᠎ᠠ ᠬᠠᠷᠢᠴᠠᠭᠤᠯᠵᠤ᠂ ᠬᠢᠨᠠᠨ ᠬᠠᠷᠭᠤᠭᠤᠯᠬᠤ ᠪᠠ ᠠᠯᠳᠠᠭ᠎ᠠ ᠪᠤᠷᠤᠭᠤ ᠦᠭᠡᠢ ᠪᠣᠯᠤᠭᠰᠠᠨ ᠤ ᠳᠠᠷᠠᠭ᠎ᠠ ᠠᠯᠪᠠᠨ ᠵᠠᠬᠢᠳᠠᠯ ᠢᠶᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠮᠡᠳᠡᠭᠦᠯᠦᠨ᠎ᠡ᠃       ︵ᠳᠥᠷᠪᠡ︶ ᠬᠤᠰᠢᠭᠤ ᠱᠠᠲᠤᠨ ᠤ ᠳᠠᠭᠢᠨ ᠬᠠᠷᠭᠤᠭᠤᠯᠵᠤ ᠨᠡᠶᠢᠲᠡ ᠳᠤ ᠵᠠᠷᠯᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠨᠢ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠢ ᠳᠠᠭᠢᠨ ᠬᠢᠨᠠᠵᠤ᠂ ᠳᠠᠭᠢᠨ ᠬᠢᠨᠠᠭᠰᠠᠨ ᠤ ᠳᠠᠷᠠᠭ᠎ᠠ ᠦᠷ᠎ᠡ ᠳ᠋ᠦᠩ ᠢ 5 ᠡᠳᠦᠷ ᠠᠴᠠ ᠳᠤᠲᠠᠭᠤ ᠦᠭᠡᠢ ᠵᠠᠷᠯᠠᠨ ᠨᠡᠶᠢᠲᠡᠯᠡᠨ᠎ᠡ᠃       ︵ᠲᠠᠪᠤ︶ ᠲᠤᠰᠠᠯᠠᠮᠵᠢ ᠣᠯᠭᠤᠬᠤ᠃ ᠢᠯᠡ ᠨᠡᠶᠢᠲᠡᠯᠡᠭᠰᠡᠨ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ ᠪᠣᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠪᠡᠯᠡ ᠮᠥᠩᠭᠦ ᠪᠠᠨ ᠡᠯ᠎ᠡ ᠰᠤᠮᠤ ᠪᠠᠯᠭᠠᠰᠤᠨ ᠳᠤ ᠪᠠᠭᠤᠯᠭᠠᠵᠤ᠂ ᠡᠯ᠎ᠡ ᠰᠤᠮᠤ ᠪᠠᠯᠭᠠᠰᠤ ᠠᠴᠠ ᠨᠥᠬᠦᠪᠦᠷᠢ ᠪᠡᠯᠡ ᠮᠥᠩᠭᠦ ᠪᠠᠭᠤᠯᠭᠠᠨ᠎ᠠ᠃       ᠭᠤᠷᠪᠠ᠂ ᠬᠤᠪᠢ ᠬᠥᠮᠥᠨ ᠤ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ       ︵ᠨᠢᠭᠡ︶ ︽ᠠᠯᠠᠱᠠ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠭᠦᠳᠡᠯᠮᠦᠷᠢ ᠬᠦᠴᠦᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠭᠤᠶᠤᠴᠢᠯᠠᠨ ᠠᠪᠬᠤ ᠬᠦᠰᠦᠨᠦᠭᠲᠦ︾᠂ ︽ᠠᠯᠠᠱᠠ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠭᠦᠳᠡᠯᠮᠦᠷᠢ ᠬᠦᠴᠦᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢᠨ ᠬᠤᠷᠢᠶᠠᠩᠭᠤᠶᠢᠯᠠᠭᠰᠠᠨ ᠬᠦᠰᠦᠨᠦᠭᠲᠦ︾᠂ ᠠᠮᠠᠯᠠᠯᠲᠠ ᠶᠢᠨ ᠪᠢᠴᠢᠭ᠃       ︵ᠬᠤᠶᠠᠷ︶ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠨᠢ ᠨᠢᠭᠡ ᠬᠤᠪᠢ᠃       ︵ᠭᠤᠷᠪᠠ︶ ᠲᠤᠰ ᠬᠥᠮᠥᠨ ᠤ ᠪᠠᠩᠬᠢ ᠶᠢᠨ ᠺᠠᠷᠲ ᠤᠨ ᠪᠠᠭᠤᠯᠭᠠᠪᠤᠷᠢ ᠨᠢ ᠨᠢᠭᠡ ᠬᠤᠪᠢ᠃       ︵ᠳᠥᠷᠪᠡ︶ ᠴᠠᠯᠢᠩ ᠤᠨ ᠣᠷᠣᠯᠭ᠎ᠠ ᠶᠢᠨ ᠭᠡᠷᠡᠴᠢ ᠪᠠᠷᠢᠮᠲᠠ᠂ ᠨᠡᠶᠢᠭᠡᠮ ᠤᠨ ᠳᠠᠭᠠᠳᠬᠠᠯ ᠳᠤ ᠣᠷᠣᠯᠴᠠᠬᠰᠠᠨ ᠲᠡᠮᠳᠡᠭᠯᠡᠯ᠃       ︵ᠲᠠᠪᠤ︶ ᠠᠵᠢᠯ ᠡᠷᠭᠢᠯᠡᠵᠦ ᠬᠢᠭᠰᠡᠨ ᠭᠡᠷᠡᠴᠢ᠃ ᠭᠦᠳᠡᠯᠮᠦᠷᠢ ᠶᠢᠨ ᠭᠡᠷ᠎ᠡ ︵ᠭᠦᠳᠡᠯᠮᠦᠷᠢ ᠦᠢᠯᠡᠴᠢᠯᠡᠭᠡᠨ ᠤ ᠵᠥᠪᠯᠡᠯᠴᠡᠭᠡᠷ︶ ᠤᠨ ᠪᠠᠭᠤᠯᠭᠠᠪᠤᠷᠢ ᠪᠤᠶᠤ ᠠᠵᠢᠯᠴᠢᠨ ᠬᠡᠷᠡᠭᠯᠡᠬᠦ ᠨᠢᠭᠡᠴᠡ ᠶᠢᠨ ᠬᠢᠵᠦ ᠥᠭᠭᠦᠭᠰᠡᠨ ᠠᠵᠢᠯ ᠭᠦᠳᠡᠯᠮᠦᠷᠢ ᠬᠢᠵᠦ ᠪᠠᠶᠢᠭ᠎ᠠ ᠭᠡᠷᠡᠴᠢ ᠪᠠᠭᠲᠠᠨ᠎ᠠ᠃       ᠳᠥᠷᠪᠡ᠂ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠨᠥᠬᠦᠪᠦᠷᠢ ᠶᠢᠨ ᠭᠤᠶᠤᠴᠢᠯᠠᠯ ᠵᠢᠴᠢ ᠰᠠᠯᠭᠠᠨ ᠥᠭᠬᠦ ᠴᠠᠭ ᠬᠤᠭᠤᠴᠠᠭ᠎ᠠ       ᠡᠯ᠎ᠡ ᠭᠠᠴᠠᠭ᠎ᠠ ᠲᠣᠰᠬᠤᠨ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠨᠥᠬᠦᠪᠦᠷᠢ ᠭᠤᠶᠤᠴᠢᠯᠠᠬᠤ ᠠᠩᠬᠠᠨ ᠤ ᠬᠢᠨᠠᠯᠲᠠ ᠵᠢᠴᠢ ᠢᠯᠡ ᠨᠡᠶᠢᠲᠡᠯᠡᠬᠦ ᠶᠢ ᠪᠡᠶᠡᠯᠡᠭᠦᠯᠦᠨ᠎ᠡ︔ ᠰᠤᠮᠤ ᠪᠠᠯᠭᠠᠰᠤ ᠳᠠᠷᠠᠭ᠎ᠠ ᠵᠢᠯ ᠤᠨ ᠬᠢᠨᠢ 1 ᠰᠠᠷ᠎ᠠ ᠶᠢᠨ 20 ᠤ ᠡᠳᠦᠷ ᠠᠴᠠ ᠡᠮᠦᠨ᠎ᠡ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠨᠥᠬᠦᠪᠦᠷᠢ ᠥᠭᠬᠦ ᠭᠤᠶᠤᠴᠢᠯᠠᠯ ᠤᠨ ᠬᠢᠨᠠᠨ ᠬᠠᠷᠭᠤᠭᠤᠯᠤᠯᠲᠠ ᠶᠢᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠨ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠮᠡᠳᠡᠭᠦᠯᠦᠨ ᠳᠠᠭᠢᠨ ᠬᠢᠨᠠᠭᠤᠯᠬᠤ ᠶᠢᠨ ᠬᠠᠮᠲᠤ ᠲᠥᠷᠥᠯ ᠵᠦᠢᠯ ᠢ ᠬᠡᠷᠡᠭᠵᠢᠭᠦᠯᠬᠦ ᠬᠡᠪᠴᠢᠶ᠎ᠡ᠂ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠮᠡᠳᠡᠭᠦᠯᠦᠨ ᠬᠦᠷᠭᠡᠨ᠎ᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠶᠢ ᠳᠠᠭᠢᠨ ᠬᠢᠨᠠᠭᠰᠠᠨ ᠤ ᠳᠠᠷᠠᠭ᠎ᠠ 1 ᠰᠠᠷ᠎ᠠ ᠶᠢᠨ 31 ᠤ ᠡᠳᠦᠷ ᠠᠴᠠ ᠡᠮᠦᠨ᠎ᠡ ᠪᠡᠯᠡ ᠮᠥᠩᠭᠦ ᠪᠠᠨ ᠡᠯ᠎ᠡ ᠰᠤᠮᠤ ᠪᠠᠯᠭᠠᠰᠤᠨ ᠳᠤ ᠪᠠᠭᠤᠯᠭᠠᠵᠤ᠂ ᠡᠯ᠎ᠡ ᠰᠤᠮᠤ ᠪᠠᠯᠭᠠᠰᠤ ᠠᠴᠠ ᠨᠥᠬᠦᠪᠦᠷᠢ ᠪᠡᠯᠡ ᠮᠥᠩᠭᠦ ᠥᠭᠭᠦᠨ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号