ᠦᠬᠡᠷ ᠤᠨ ᠮᠢᠬᠠᠨ ᠤ ᠰᠢᠮ᠎ᠡ ᠲᠡᠵᠢᠭᠡᠯ
ᠨᠡᠶᠢᠲᠡᠯᠡᠭᠰᠡᠨ ᠴᠠᠭ᠄
2024/10/22
          ᠦᠬᠡᠷ ᠤᠨ ᠮᠢᠬ᠎ᠠ ᠨᠢ ᠮᠢᠬᠠᠨ ᠤ ᠲᠥᠷᠥᠯ ᠤᠨ ᠰᠢᠮ᠎ᠡ ᠲᠡᠵᠢᠭᠡᠯ ᠤᠨ ᠥᠷᠲᠡᠭ ᠢᠶᠠᠷ ᠬᠠᠮᠤᠭ ᠤᠨ ᠴᠢᠬᠤᠯᠠ ᠡᠷᠡᠭᠦᠯ ᠢᠳᠡᠭᠡᠨ ᠭᠡᠵᠦ ᠠᠯᠳᠠᠷᠰᠢᠭᠰᠠᠨ ᠶᠤᠮ᠃ ᠲᠡᠭᠦᠨ ᠤ ᠰᠢᠮ᠎ᠡ ᠲᠡᠵᠢᠭᠡᠯ ᠡᠯᠪᠡᠭ᠂ ᠺᠠᠯᠼ᠂ ᠹᠣᠰᠹᠣᠷ᠂ ᠲᠡᠮᠦᠷ᠂ ᠬᠦᠬᠦᠷᠲᠦ ᠠᠮᠢᠨ᠂ ᠨᠢᠺᠧ ᠬᠦᠴᠢᠯ ᠵᠡᠷᠭᠡ ᠪᠢᠴᠢᠯ ᠡᠯᠧᠮᠧᠨ᠋ᠲ ᠵᠢᠴᠢ ᠸᠢᠲ᠋ᠠᠮᠢᠨ ᠡᠯᠪᠡᠭ ᠠᠭᠤᠯᠤᠭᠳᠠᠵᠤ᠂ ᠤᠭᠤᠷᠠᠭ ᠤᠨ ᠠᠭᠤᠯᠤᠭᠳᠠᠴᠠ ᠨᠢ 21 %᠎ ᠳᠤ ᠭᠦᠷᠳᠡᠭ ᠪᠥᠭᠡᠳ ᠥᠭᠡᠬᠦ ᠶᠢᠨ ᠠᠭᠤᠯᠤᠭᠳᠠᠴᠠ ᠨᠢ ᠨᠡᠯᠢᠶᠡᠳ ᠳᠣᠣᠷ᠎ᠠ ᠪᠠᠶᠢᠳᠠᠭ᠃ ᠦᠬᠡᠷ ᠤᠨ ᠮᠢᠬ᠎ᠠ᠂ ᠪᠦᠯᠢᠶᠡᠨ ᠠᠮᠲᠠ᠂ ᠠᠮᠲᠠᠯᠢᠭ ᠠᠮᠲᠠ ᠲᠠᠢ᠂ ᠬᠤᠳᠣᠭᠤᠳᠤ᠂ ᠨᠢᠷᠤᠭᠤ ᠬᠥᠯ᠂ ᠤᠮᠳᠠᠭᠠᠰᠬᠤ ᠶᠢ ᠵᠣᠭᠰᠤᠭᠠᠬᠤ᠂ ᠬᠡᠢ ᠴᠢᠰᠤ ᠶᠢ ᠰᠠᠶᠢᠵᠢᠷᠠᠭᠤᠯᠬᠤ᠂ ᠰᠢᠷᠪᠦᠰᠦ ᠰᠢᠷᠪᠦᠰᠦ ᠲᠠᠲᠠᠬᠤ᠂ ᠤᠰᠤᠨ ᠬᠠᠪᠤᠩ ᠳᠠᠷᠤᠬᠤ ᠳᠤ ᠪᠦᠷ ᠲᠣᠬᠢᠷᠠᠨ᠎ᠠ᠃ ᠦᠬᠡᠷ ᠤᠨ ᠮᠢᠬ᠎ᠠ ᠪᠣᠯ ᠪᠦᠯᠢᠶᠡᠨ ᠲᠡᠵᠢᠭᠡᠯ ᠲᠠᠢ ᠮᠢᠬ᠎ᠠ᠂ ᠭᠠᠯ ᠢᠶᠠᠨ ᠠᠯᠳᠠᠬᠤ ᠦᠭᠡᠢ ᠪᠣᠯ ᠰᠢᠮ᠎ᠡ ᠲᠡᠵᠢᠭᠡᠯ ᠨᠥᠬᠦᠪᠦᠷᠢᠯᠡᠵᠦ ᠡᠷᠡᠭᠦᠯᠵᠢᠭᠦᠯᠬᠦ ᠢᠳᠡᠭᠡᠨ ᠪᠣᠯᠣᠨ᠎ᠠ᠂ ᠤᠳᠠᠭᠠᠨ ᠴᠢᠨᠠᠷᠲᠠᠢ ᠰᠠᠭᠤᠯᠭᠠᠬᠤ᠂ ᠬᠤᠰᠬᠢᠨᠠᠭ ᠠᠴᠠ ᠠᠩᠭᠢᠵᠢᠷᠠᠭᠤᠯᠬᠤ᠂ ᠨᠢᠭᠤᠷ ᠤᠨ ᠮᠢᠬ᠎ᠠ ᠭᠦᠪᠦᠯᠵᠡᠭᠦ ᠵᠡᠷᠭᠡ ᠭᠡᠮ ᠦᠶ᠎ᠡ ᠳᠤ ᠬᠡᠷᠡᠭᠯᠡᠳᠡᠭ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号