ᠠᠯᠠᠱᠠ ᠵᠡᠭᠦᠨ ᠬᠤᠰᠢᠭᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠲᠣᠭᠤᠷᠢᠨ ᠵᠤᠭᠠᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/9
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ 10 ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠡ᠂ ᠠᠯᠠᠱᠠ ᠵᠡᠭᠦᠨ ᠬᠤᠰᠢᠭᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠬᠦ ᠲᠣᠭᠤᠷᠢᠨ ᠵᠤᠭᠠᠴᠠᠬᠤ ᠠᠵᠢᠯᠯᠠᠭ᠎ᠠ ᠥᠷᠨᠢᠭᠦᠯᠪᠡ᠃    ᠲᠤᠰ ᠤᠳᠠᠭᠠᠨ ᠤ ᠠᠵᠢᠯᠯᠠᠭ᠎ᠠ ᠨᠢ ᠬᠤᠭᠤᠴᠠᠭ᠎ᠠ ᠪᠦᠷᠢ ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠣᠯᠤᠨ ᠰᠢᠯᠢᠳᠡᠭ ᠨᠠᠮ ᠤᠨ ᠠᠵᠢᠯᠳᠠᠨ ᠤ ᠲᠥᠯᠥᠭᠡᠯᠡᠭᠴᠢ ᠵᠢᠴᠢ ᠤᠮᠠᠷᠠᠲᠤ ᠬᠢᠯᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠵᠡᠷᠭᠡ ᠵᠠᠭᠤ ᠰᠢᠬᠠᠮ ᠬᠦᠮᠦᠰ ᠢ ᠵᠣᠬᠢᠶᠠᠨ ᠪᠠᠶᠢᠭᠤᠯᠣᠨ ᠠᠵᠢᠯᠯᠠᠭᠠᠨ ᠳᠤ ᠣᠷᠣᠯᠴᠠᠭᠤᠯᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ 31 ᠬᠤᠩ ᠴᠢ ᠲᠡᠷᠭᠡ ᠪᠠᠷ ︽75︾ ᠲᠣᠭᠠᠨ ᠤ ᠬᠡᠯᠪᠡᠷᠢ ᠶᠢ ᠭᠠᠷᠭᠠᠨ ᠵᠢᠭᠰᠠᠵᠤ᠂ ᠲᠡᠷᠢᠭᠦᠨ ᠤ ᠨᠡᠶᠢᠲᠡᠯᠢᠭ ᠲᠥᠯᠥᠭᠡᠯᠡᠭᠴᠢ ᠤᠯᠤᠰ ᠤᠨ ᠲᠤᠭ ᠢᠶᠠᠨ ᠡᠷᠭᠦᠨ ᠲᠡᠷᠭᠡᠨ ᠤ ᠬᠠᠵᠠᠭᠤ ᠳᠤ ᠵᠣᠭᠰᠣᠵᠤ᠂ ᠬᠢᠵᠠᠭᠠᠯᠠᠰᠢ ᠦᠭᠡᠢ ᠢᠷᠠᠭᠤ ᠠᠯᠳᠠᠷ ᠪᠠ ᠣᠮᠣᠭᠰᠢᠯᠲᠤ ᠰᠡᠳᠬᠢᠯᠭᠡ ᠪᠠᠨ ᠢᠯᠡᠷᠡᠭᠦᠯᠪᠡ᠃ ᠳᠠᠷᠠᠭ᠎ᠠ ᠨᠢ ᠲᠥᠯᠥᠭᠡᠯᠡᠭᠴᠢᠳ ᠠᠯᠠᠱᠠ ᠵᠡᠭᠦᠨ ᠬᠤᠰᠢᠭᠤᠨ ᠤ ᠪᠠᠭᠠᠲᠤᠷᠴᠤᠳ ᠤᠨ ᠴᠤᠭᠯᠠᠭᠠᠨ ᠤ ᠲᠠᠯᠠᠪᠠᠶ᠂ ᠬᠤᠯᠠᠳᠠᠬᠢᠨ ᠢ ᠲᠣᠭᠳᠠᠭᠠᠭᠴᠢ ᠡᠷᠲᠡᠨ ᠤ ᠬᠤᠲᠠ᠂ ᠬᠤᠯᠠᠨ ᠤ ᠲᠠᠯ᠎ᠠ ᠵᠡᠷᠭᠡ ᠭᠠᠵᠠᠷ ᠢᠶᠠᠷ ᠲᠣᠭᠤᠷᠢᠨ ᠦᠵᠡᠪᠡ᠃
  ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢᠦ ᠱᠦ ᠭᠧᠤ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠣᠷᠣᠨ ᠰᠠᠭᠤᠴᠠ ᠶᠢᠨ ᠵᠥᠪᠯᠡᠯ ᠤᠨ ᠡᠷᠬᠢᠯᠡᠭᠴᠢ      ᠯᠢ ᠢᠦᠶ ᠴᠢᠨ
     ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠩᠭᠡᠨ ᠳᠠᠬᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ     ᠰᠢᠤᠢ ᠨᠠᠢ ᠴᠤᠤ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号