ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠳᠤᠯᠠᠭᠠᠯᠭ᠎ᠠ ᠶᠢᠨ ᠢᠨᠵᠧᠨᠧᠷᠢᠩ᠂ ᠠᠶᠤᠯᠭᠦᠶ ᠦᠢᠯᠡᠳᠪᠦᠷᠢᠯᠡᠯ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠢᠴᠢ ᠰᠣᠶᠣᠯ ᠵᠢᠭᠤᠯᠴᠢᠯᠠᠯ ᠤᠨ ᠠᠵᠢᠯᠯᠠᠭ᠎ᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/9
     10 ᠳ᠋ᠤᠭᠠᠷ ᠰᠠᠷ᠎ᠠ ᠶᠢᠨ 1᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ᠂ ᠳᠤᠯᠠᠭᠠᠨ ᠤ ᠢᠨᠵᠧᠨᠧᠷᠢᠩ᠂ ᠠᠶᠤᠯᠭᠦᠶ ᠦᠢᠯᠡᠳᠪᠦᠷᠢᠯᠡᠯ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠵᠢᠴᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃   ᠬᠤᠸᠠᠩ ᠶᠠ ᠯᠢ ᠥᠭᠡᠯᠡᠳ ᠵᠡᠭᠡᠯᠢ ᠭᠤᠳᠤᠮᠵᠢ ᠶᠢᠨ ᠰᠢᠨ ᠰᠢᠨ ᠵᠢᠶᠠ ᠶᠤᠸᠠᠨ ᠬᠤᠷᠢᠶᠠᠯᠠᠯ ᠳᠤ ᠬᠦᠷᠴᠦ᠂ ᠳᠤᠯᠠᠭᠠᠯᠭ᠎ᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠳᠤᠯᠠᠭᠠᠯᠭ᠎ᠠ ᠶᠢᠨ ᠢᠨᠵᠧᠨᠧᠷᠢᠩ ᠢ ᠪᠣᠳᠠᠲᠠᠢ ᠰᠠᠶᠢᠲᠤᠷ ᠬᠡᠷᠡᠭᠵᠢᠭᠦᠯᠵᠦ᠂ ᠡᠯ᠎ᠡ ᠵᠦᠢᠯ ᠤᠨ ᠰᠡᠭᠦᠯ ᠬᠤᠷᠢᠶᠠᠬᠤ ᠠᠵᠢᠯ ᠢ ᠲᠦᠷᠭᠡᠨ ᠪᠡᠶᠡᠯᠡᠭᠦᠯᠵᠦ᠂ ᠣᠰᠣᠨ ᠤ ᠪᠠᠶᠢᠳᠠᠯ ᠢ ᠲᠤᠷᠰᠢᠬᠤ᠂ ᠳᠠᠷᠤᠯᠲᠠ ᠥᠭᠬᠦ ᠵᠡᠷᠭᠡ ᠳᠤᠯᠠᠭᠠᠯᠭ᠎ᠠ ᠶᠢᠨ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠠᠯᠠᠱᠠ ᠵᠡᠭᠦᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠬᠢᠨᠠᠨ ᠡᠵᠡᠮᠳᠡᠬᠦ ᠲᠥᠪ ᠲᠤ᠂ ᠬᠤᠸᠠᠩ ᠶᠠ ᠯᠢ ᠵᠢᠵᠢᠭᠦᠷᠯᠡᠨ ᠰᠠᠬᠢᠵᠤ ᠪᠠᠶᠢᠭ᠎ᠠ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠬᠢᠨᠠᠨ ᠡᠵᠡᠮᠳᠡᠬᠦ ᠲᠠᠪᠴᠠᠩ ᠢᠶᠠᠷ ᠳᠠᠮᠵᠢᠭᠤᠯᠤᠨ ᠨᠡᠭᠦᠷᠡᠰᠦᠨ ᠠᠭᠤᠷᠬᠠᠶ᠂ ᠪᠠᠶᠢᠭᠠᠯᠢ ᠶᠢᠨ ᠰᠢᠲᠠᠮᠠᠬᠠᠶ ᠬᠡᠢ᠂ ᠲᠣᠰᠣ ᠨᠡᠮᠡᠬᠦ ᠥᠷᠲᠡᠭᠡ ᠵᠡᠷᠭᠡ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠪᠠ᠃ ᠲᠡᠷᠡ᠂ ᠠᠶᠤᠯᠭᠦᠶ ᠦᠢᠯᠡᠳᠪᠦᠷᠢᠯᠡᠯ ᠢ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠥᠬᠡᠶ᠂ ᠡᠯ᠎ᠡ ᠱᠠᠲᠤᠨ ᠤ ᠬᠢᠨ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠡᠵᠡᠮᠳᠡᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠵᠢᠵᠢᠭᠦᠷᠯᠡᠨ ᠰᠠᠬᠢᠬᠤ᠂ ᠡᠳᠦᠷ ᠲᠤᠲᠤᠮ ᠤᠨ ᠲᠣᠬᠢᠷᠠᠭᠤᠯᠤᠯᠲᠠ ᠪᠠ ᠴᠠᠭ ᠲᠤᠬᠠᠶ ᠳᠤᠨᠢ ᠬᠢᠨᠠᠨ ᠬᠡᠮᠵᠢᠬᠦ ᠶᠢ ᠴᠢᠩᠭᠠᠳᠬᠠᠵᠤ᠂ ᠬᠡᠮ ᠰᠣᠭᠤᠭ ᠢ ᠨᠠᠷᠢᠪᠴᠢᠯᠠᠨ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠦᠨᠡᠨᠬᠦ ᠴᠢᠩᠭᠠᠳᠬᠠᠵᠤ᠂ ᠨᠢᠭᠡ ᠴᠤᠬᠴᠠᠵᠢᠭᠤᠯᠤᠬᠰᠠᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠵᠢᠯᠤᠭᠤᠳᠤᠯᠭ᠎ᠠ ᠲᠤᠬᠢᠷᠠᠭᠤᠯᠤᠯᠳᠠ ᠶᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠨ ᠡᠵᠡᠮᠳᠡᠬᠦ ᠲᠦᠪᠰᠢᠨ ᠢ ᠰᠢᠰᠲ᠋ᠧᠮ ᠲᠠᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃
   ᠬᠤᠸᠠᠩ ᠶᠠ ᠯᠢ ᠸᠠᠩ ᠤᠨ ᠣᠷᠳᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠶᠠᠩ ᠷᠦᠢ ᠭᠧ ᠬᠤᠷᠢᠶᠠᠯᠠᠯ᠂ ᠾᠧᠩ ᠵᠢᠶ ᠮᠢᠩ ᠶᠤᠸᠠᠨ ᠬᠤᠷᠢᠶᠠᠯᠠᠯ ᠪᠣᠯᠤᠨ ᠯᠦᠩ ᠹᠧᠩ ᠴᠢ ᠱᠢ ᠵᠠᠬ᠎ᠠ ᠳᠡᠯᠭᠡᠭᠦᠷ ᠤᠨ ᠣᠶᠢᠷ᠎ᠠ ᠬᠠᠪᠢ ᠳᠤ ᠬᠦᠷᠴᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠬᠢᠴᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠷᠭᠡᠨ ᠳᠡᠯᠭᠡᠷ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠭᠤᠭᠠᠯᠢ ᠠᠷᠠᠳ ᠣᠯᠠᠨ ᠲᠦᠮᠡᠨ ᠪᠣᠯᠤᠨ ᠡᠯ᠎ᠡ ᠲᠠᠯ᠎ᠠ ᠶᠢᠨ ᠰᠠᠨᠠᠯ ᠢ ᠭᠦᠢᠴᠡᠳ ᠰᠣᠨᠣᠰᠴᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢ ᠰᠠᠶᠢᠲᠤᠷ ᠬᠢᠵᠦ᠂ ᠣᠯᠠᠨ ᠲᠦᠮᠡᠨ ᠤ ᠣᠯᠠᠨ ᠨᠡᠶᠢᠲᠡ ᠶᠢᠨ ᠦᠢᠯᠡᠴᠢᠯᠡᠭᠡ ᠪᠣᠯᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠤᠬᠠᠶ ᠣᠯᠠᠨ ᠶᠠᠩᠵᠤ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠵᠣᠷᠯᠣᠩ ᠤᠨ ᠥᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠤ᠂ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠶᠢ ᠴᠢᠩᠭ᠎ᠠ ᠴᠡᠭᠴᠡᠯᠡᠨ ᠵᠠᠰᠠᠵᠤ᠂ ᠡᠭᠦᠳᠦᠨ ᠪᠠᠶᠢᠭᠤᠯᠬᠤ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠦᠳᠡ ᠶᠢᠨ ᠬᠤᠶᠢᠨ᠎ᠠ᠂ ᠬᠤᠸᠠᠩ ᠶᠠ ᠯᠢ ᠪᠠᠰᠠ ᠪᠠᠭᠠᠲᠤᠷᠴᠤᠳ ᠤᠨ ᠴᠤᠭᠯᠠᠭᠠᠨ ᠤ ᠠᠬᠤᠶ ᠲᠠᠯᠠᠪᠠᠶ ᠳᠤ ᠬᠦᠷᠴᠦ᠂ ᠪᠠᠭᠠᠲᠤᠷᠴᠤᠳ ᠤᠨ ᠴᠤᠭᠯᠠᠭᠠᠨ ᠤ ᠲᠣᠬᠢᠷᠠᠭᠤᠯᠤᠯᠲᠠ᠂ ᠲᠠᠯᠠᠪᠠᠶ ᠪᠠᠶᠢᠷᠢᠯᠠᠭᠤᠯᠤᠯᠲᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠲᠥᠯᠥᠨ ᠵᠢᠯᠣᠭᠤᠳᠴᠤ ᠨᠡᠪᠲᠡᠷᠡᠭᠦᠯᠬᠦ᠂ ᠦᠢᠯᠡᠴᠢᠯᠡᠭᠡ ᠪᠠᠲᠤᠯᠠᠭ᠎ᠠ ᠵᠡᠷᠭᠡ ᠡᠯ᠎ᠡ ᠲᠠᠯ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠤᠭᠠᠴᠠᠭᠰᠠᠳ ᠤᠨ ᠣᠶᠢᠯᠠᠭᠠᠯᠲᠠ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠵᠤᠭᠠᠴᠠᠯ ᠤᠨ ᠠᠮᠤᠷ ᠲᠦᠪᠰᠢᠨ ᠢ ᠪᠠᠲᠤᠯᠠᠵᠤ᠂ ᠵᠤᠭᠠᠴᠠᠭᠰᠠᠳ ᠢ ᠦᠨᠡᠨ ᠬᠦ ᠰᠠᠨᠠᠭ᠎ᠠ ᠠᠮᠤᠷ ᠵᠢᠭᠤᠯᠴᠢᠯᠠᠭᠤᠯᠵᠤ᠂ ᠠᠯᠠᠱᠠ ᠶᠢᠨ ᠢᠷᠠᠭᠤ ᠠᠯᠳᠠᠷ ᠤᠨ ᠬᠡᠮᠵᠢᠶ᠎ᠡ᠂ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠠᠶᠢᠮᠠᠭ ᠤᠨ ᠤᠳᠤᠷᠢᠳᠤᠯᠭ᠎ᠠ ᠸᠠᠩ ᠬᠠᠢ ᠢᠦᠢ᠂ ᠯᠢᠦ ᡁᠢ ᠴᠢᠶᠠᠩ᠂ ᠸᠧᠢ ᡁᠢ ᠭᠦᠸᠧ ᠲᠤᠰ ᠲᠤᠰ ᠣᠷᠣᠯᠴᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号