ᠯᠢᠦ ᡁᠢ ᠴᠢᠶᠠᠩ 2024 ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/10/9
     10 ᠰᠠᠷ᠎ᠠ ᠶᠢᠨ 2᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ 2024 ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠠᠬᠤᠶ ᠲᠠᠯᠠᠪᠠᠶ ᠳᠤ ᠬᠦᠷᠴᠦ᠂ ᠦᠢᠯᠡᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠢᠭᠡᠳᠦᠭᠡᠷ ᠹᠷᠣᠨᠲ ᠤᠨ ᠠᠵᠢᠯᠲᠠᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠤᠭᠰᠠᠨ ᠪᠥᠭᠡᠳ ᠠᠵᠢᠯᠯᠠᠭ᠎ᠠ ᠶᠢᠨ ᠬᠤᠭᠤᠴᠠᠭᠠᠨ ᠳᠠᠬᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠵᠢᠭᠠᠨ ᠵᠢᠯᠣᠭᠤᠳᠪᠠ᠃    ᠯᠢᠦ ᡁᠢ ᠴᠢᠶᠠᠩ ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠪᠣᠯᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠲᠥᠪ ᠤᠨ ᠬᠤᠷᠠᠯ ᠤᠨ ᠲᠠᠯᠠᠪᠠᠶ ᠳᠤ ᠬᠦᠷᠴᠦ᠂ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠦᠢᠯᠡᠴᠢᠯᠡᠭᠡ ᠪᠠᠲᠤᠯᠠᠭ᠎ᠠ ᠶᠢᠨ ᠠᠵᠢᠯᠲᠠᠨ ᠲᠠᠢ ᠳᠣᠲᠣᠨᠣ ᠪᠠᠷ ᠭᠠᠷ ᠠᠳᠬᠤᠵᠤ᠂ ᠣᠯᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠲᠤᠬᠠᠶ ᠶᠢᠨ ᠲᠠᠯᠠᠪᠠᠶ ᠶᠢᠨ ᠠᠵᠢᠯᠲᠠᠨ ᠤ ᠢᠳᠡᠵᠦ ᠤᠤᠭᠤᠬᠤ ᠬᠤᠨᠣᠵᠤ ᠬᠡᠪᠲᠡᠬᠦ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠤᠰ ᠤᠨ ᠪᠠᠶᠠᠷ ᠤᠨ ᠠᠮᠠᠷᠠᠯᠲᠠ ᠪᠣᠯ ᠵᠤᠭᠠᠴᠠᠯ ᠤᠨ ᠤᠷᠬᠢᠯ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠬᠤᠷᠠᠯ ᠤᠨ ᠲᠠᠯᠠᠪᠠᠢ ᠶᠢᠨ ᠬᠥᠮᠦᠨ ᠤ ᠤᠷᠤᠰᠬᠠᠯ ᠪᠣᠯᠤᠨ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ ᠪᠠᠷ ᠨᠡᠮᠡᠭᠳᠡᠨ᠎ᠠ᠂  ᠮᠥᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠮᠤᠭ ᠤᠨ ᠶᠠᠭᠠᠷᠠᠯᠲᠠᠢ ᠬᠠᠮᠤᠭ ᠤᠨ ᠵᠦᠳᠡᠷᠡᠯᠲᠡᠶ ᠴᠠᠭ ᠦᠶ᠎ᠡ ᠪᠣᠯᠤᠨ᠎ᠠ᠂ ᠤᠯᠠᠨ ᠢᠶᠠᠷ ᠢᠶᠠᠨ ᠠᠮᠠᠷᠠᠯᠲᠠ ᠪᠠᠨ ᠬᠠᠶᠠᠵᠤ᠂ ᠠᠵᠢᠯ ᠤᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠰᠢᠷᠭᠠᠭᠤ ᠬᠠᠲᠠᠭᠤᠵᠢᠯᠲᠠᠢ ᠪᠠᠷ ᠨᠡᠮᠡᠵᠤ ᠠᠵᠢᠯᠯᠠᠵᠤ᠂ ᠬᠠᠷᠠᠮ ᠦᠭᠡᠢ ᠪᠠᠷ ᠴᠠᠭ ᠵᠠᠪ ᠢᠶᠠᠨ ᠵᠣᠷᠢᠭᠤᠯᠵᠤ ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠤ ᠪᠠᠶᠢᠨ᠎ᠠ᠂ ᠠᠵᠢᠯᠳᠠᠳ ᠨᠠᠷ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠢᠳᠡᠭᠡᠨ ᠤ ᠠᠮᠤᠷ ᠲᠦᠪᠰᠢᠨ ᠵᠢᠴᠢ ᠤᠰᠤ ᠴᠠᠬᠢᠯᠭᠠᠨ ᠮᠡᠳᠡᠭᠡᠨ ᠤ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠱᠠᠭᠠᠷᠳᠠᠪᠠ︔ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ 2024 ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠡᠯ᠎ᠡ ᠵᠦᠢᠯ ᠤᠨ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠠᠬᠢᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号