2025 ᠣᠨ ᠤ ᠠᠷᠠᠳ ᠢᠷᠭᠡᠳ ᠤᠨ ᠠᠮᠢᠳᠤᠷᠠᠯ ᠳᠤ ᠴᠢᠭᠯᠡᠭᠰᠡᠨ ᠪᠣᠳᠠᠲᠤ ᠠᠵᠢᠯ ᠤᠳ ᠤᠨ ᠲᠥᠰᠥᠯ ᠢ ᠣᠯᠠᠨ ᠨᠡᠶᠢᠲᠡ ᠠᠴᠠ ᠨᠡᠭᠡᠭᠡᠯᠲᠡ ᠲᠠᠢ ᠪᠠᠷ ᠬᠦᠯᠢᠶᠡᠨ ᠠᠪᠬᠤ ᠲᠤᠬᠠᠶ ᠵᠠᠷ
ᠨᠡᠶᠢᠲᠡᠯᠡᠭᠰᠡᠨ ᠴᠠᠭ᠄
2024/11/18
        ᠠᠯᠠᠱᠠ ᠵᠡᠭᠦᠨ ᠬᠤᠰᠢᠭᠤ ᠨᠢ ᠠᠯᠠᠱᠠ ᠵᠡᠭᠦᠨ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯ ᠤᠨ ᠦᠵᠡᠯ ᠰᠠᠨᠠᠭ᠎ᠠ ᠶᠢ ᠲᠤᠤᠱᠲᠠᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠭᠡᠰᠡᠨ ᠰᠡᠳᠬᠢᠯ ᠢ ᠡᠷᠬᠢᠮᠯᠡᠵᠦ᠂ ᠠᠷᠠᠳ ᠢᠷᠭᠡᠳ ᠤᠨ ᠠᠮᠢᠳᠤᠷᠠᠯ ᠳᠤ ᠦᠷ᠎ᠡ ᠥᠭᠭᠦᠭᠡᠵᠢ ᠲᠠᠢ ᠠᠵᠢᠯᠯᠠᠭ᠎ᠠ ᠶᠢ ᠦᠨᠡᠨᠴᠢ ᠪᠠᠷ ᠬᠡᠷᠡᠭᠵᠢᠭᠦᠯᠵᠦ᠂ ᠠᠷᠠᠳ ᠢᠷᠭᠡᠳ ᠤᠨ ᠲᠥᠯᠥᠭᠡ ᠪᠣᠳᠠᠲᠤ ᠠᠵᠢᠯ ᠤᠳ ᠢ ᠪᠡᠶᠡᠯᠡᠭᠦᠯᠬᠦ ᠶᠢ ᠪᠦᠬᠦ ᠲᠠᠯ᠎ᠠ ᠶᠢᠨ ᠠᠵᠢᠯ ᠤᠨ ᠭᠤᠣᠯᠳᠠᠯᠭ᠎ᠠ ᠪᠣᠯᠤᠨ ᠴᠢᠬᠤᠯᠠ ᠬᠡᠰᠡᠭ ᠲᠤ ᠪᠠᠶᠢᠷᠢᠰᠢᠭᠤᠯᠵᠤ᠂ ᠬᠠᠷᠢᠭᠤᠴᠠᠯᠭ᠎ᠠ ᠶᠢ ᠤᠬᠠᠮᠰᠠᠷᠯᠠᠨ᠂ ᠡᠭᠦᠷᠭᠡ ᠪᠠᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠢ ᠲᠡᠰᠦᠷᠡᠯᠳᠠ ᠦᠭᠡᠢ ᠳᠡᠭᠡᠭᠰᠢᠯᠡᠭᠦᠯᠵᠦ ᠪᠠᠶᠢᠨ᠎ᠡ ᠃ 2025 ᠣᠨ ᠳᠤ ᠠᠷᠠᠳ ᠢᠷᠭᠡᠳ ᠲᠤ ᠴᠢᠭᠯᠡᠭᠰᠡᠨ ᠪᠣᠳᠠᠲᠤ ᠠᠵᠢᠯ ᠤᠳ ᠢ ᠦᠷ᠎ᠡ ᠳ᠋ᠦᠩ ᠲᠠᠢ ᠬᠡᠷᠡᠭᠵᠢᠭᠦᠯᠬᠦ ᠶᠢᠨ ᠲᠤᠯᠠᠳᠠ ᠣᠯᠠᠨ ᠨᠡᠶᠢᠲᠡ ᠠᠴᠠ ᠰᠠᠨᠠᠯ ᠬᠦᠯᠢᠶᠡᠨ ᠠᠪᠬᠤ ᠠᠵᠢᠯ ᠢ ᠠᠯᠪᠠᠨ ᠶᠣᠰᠤᠭᠠᠷ ᠵᠠᠷᠯᠠᠵᠤ᠂ ᠳᠡᠯᠭᠡᠷᠡᠩᠭᠦᠢ ᠮᠡᠳᠡᠭᠡᠯᠡᠯ ᠢ ᠳᠠᠷᠠᠭᠠᠬᠢ ᠬᠡᠳᠦᠨ ᠲᠠᠯ᠎ᠠ ᠪᠠᠷ ᠨᠡᠶᠢᠲᠡᠯᠡᠵᠦ ᠪᠠᠶᠢᠨ᠎ᠠ᠄       1. ᠰᠠᠨᠠᠯ ᠬᠦᠯᠢᠶᠡᠨ ᠠᠪᠬᠤ ᠬᠤᠭᠤᠴᠠᠭ᠎ᠠ       ᠡᠨᠡ ᠬᠦ ᠵᠠᠷ ᠨᠡᠶᠢᠲᠡᠯᠡᠭᠳᠡᠭᠰᠡᠨ ᠡᠳᠦᠷ ᠠᠴᠠ ᠡᠬᠢᠯᠡᠨ 2024 ᠣᠨ ᠤ 12 ᠳ᠋ᠤᠭᠠᠷ ᠰᠠᠷ᠎ᠠ ᠶᠢᠨ 15 ᠤ ᠡᠳᠦᠷ ᠬᠦᠷᠳᠡᠯ᠎ᠠ᠃       2. ᠰᠠᠨᠠᠯ ᠬᠦᠯᠢᠶᠡᠨ ᠠᠪᠬᠤ ᠵᠡᠷᠴᠢᠮ       ︽ᠣᠯᠠᠨ ᠲᠦᠮᠡᠨ ᠬᠡᠷᠡᠭᠴᠡᠭᠡ ᠱᠠᠭᠠᠷᠳᠠᠯᠭ᠎ᠠ ᠲᠠᠢ᠂ ᠪᠠᠯᠠ ᠮᠥᠩᠭᠦᠨ ᠤ ᠪᠠᠲᠤᠯᠠᠭ᠎ᠠ ᠲᠠᠢ᠂ ᠲᠤᠬᠠᠢ ᠶᠢᠨ ᠵᠢᠯ ᠳᠤ ᠪᠠᠨ ᠬᠡᠷᠡᠭᠵᠢᠭᠦᠯᠬᠦ ᠪᠣᠯᠣᠮᠵᠢ ᠲᠠᠢ︾ ᠭᠡᠰᠡᠨ ᠵᠠᠷᠴᠢᠮ ᠢ ᠪᠠᠷᠢᠮᠲᠠᠯᠠᠨ᠎ᠠ᠃ ᠰᠠᠨᠠᠯ ᠬᠦᠯᠢᠶᠡᠨ ᠠᠪᠬᠤ ᠳᠤ ᠪᠠᠨ ᠥᠷᠭᠡᠨ ᠬᠦᠷᠢᠶ᠎ᠡ ᠶᠢ ᠬᠠᠮᠤᠷᠤᠭᠰᠠᠨ᠂ ᠣᠯᠠᠨ ᠨᠡᠶᠢᠲᠡ ᠳᠤ ᠦᠷ᠎ᠡ ᠥᠭᠭᠦᠭᠡᠵᠢ ᠲᠠᠢ᠂ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠶ ᠪᠠᠶᠢᠬᠤ ᠰᠢᠨᠵᠢ ᠴᠢᠨᠠᠷ ᠢ ᠬᠠᠩᠭᠠᠭᠰᠠᠨ ᠪᠠᠶᠢᠬᠤ ᠶᠣᠰᠤᠲᠠᠶ᠃ ᠮᠦᠠ ᠭᠠᠷᠭᠠᠭᠰᠠᠨ ᠰᠠᠨᠠᠯ ᠨᠢ ᠤᠯᠤᠰ ᠤᠨ ᠬᠠᠤᠯᠢ ᠴᠠᠭᠠᠵᠠ᠂ ᠳᠦᠷᠢᠮ ᠲᠣᠭᠲᠠᠭᠠᠯ ᠲᠠᠢ ᠵᠥᠷᠢᠴᠡᠯ ᠦᠭᠡᠢ᠂ ᠬᠤᠰᠢᠭᠤᠨ ᠤ ᠪᠣᠳᠠᠲᠤ ᠪᠠᠶᠢᠳᠠᠯ ᠳᠤ ᠲᠣᠬᠢᠷᠠᠨ᠂ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ᠂ ᠣᠯᠠᠨ ᠲᠦᠮᠡᠨ ᠤ ᠥᠪᠡᠷ ᠤᠨ ᠠᠰᠢᠭ ᠲᠤᠰᠠ ᠲᠠᠢ ᠬᠤᠯᠪᠣᠭᠳᠠᠬᠤ ᠠᠰᠠᠭᠤᠳᠠᠯ ᠤᠳ ᠢ ᠰᠢᠢᠳᠪᠦᠷᠢᠯᠡᠬᠦ ᠳᠤ ᠴᠢᠭᠯᠡᠭᠰᠡᠨ ᠪᠠᠶᠢᠬᠤ ᠱᠠᠭᠠᠷᠳᠠᠯᠭ᠎ᠠ ᠲᠠᠢ᠃       3. ᠰᠠᠨᠠᠯ ᠬᠦᠯᠢᠶᠡᠨ ᠠᠪᠬᠤ ᠠᠭᠤᠯᠭ᠎ᠠ       ᠢᠷᠭᠡᠳ ᠤᠨ ᠠᠮᠢᠳᠤᠷᠠᠯ ᠳᠤ ᠴᠢᠭᠯᠡᠭᠰᠡᠨ ᠲᠡᠷᠡᠭᠠᠬᠢ ᠰᠠᠯᠪᠤᠷᠢ ᠨᠤᠭᠤᠳ ᠤᠨ ᠲᠣᠳᠤᠷᠬᠠᠶ ᠠᠵᠢᠯ ᠤᠳ ᠢ ᠰᠠᠨᠠᠯ ᠪᠣᠯᠭᠠᠨ᠎ᠠ᠄ ᠰᠤᠷᠭᠠᠨ ᠬᠥᠮᠦᠵᠢᠯ᠂ ᠡᠷᠡᠭᠦᠯ ᠮᠡᠨᠳᠦ᠂ ᠠᠵᠢᠯ ᠣᠯᠭᠤᠯᠲᠠ᠂ ᠬᠤᠳᠠᠯᠳᠤᠭ᠎ᠠ ᠡᠷᠬᠢᠯᠡᠯᠲᠡ᠂ ᠵᠡᠮᠳᠡᠭᠴᠦᠳ ᠢ ᠲᠤᠰᠠᠯᠠᠬᠤ᠂ ᠬᠤᠳᠠ ᠪᠠᠶᠢᠭᠤᠯᠤᠯᠲᠠ᠂ ᠵᠡᠮ ᠲᠡᠭᠡᠭᠡᠪᠦᠷᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠠᠯᠠᠯ ᠵᠢᠭᠤᠯᠴᠢᠯᠠᠯ ᠤᠨ ᠬᠥᠭᠵᠢᠯ᠂ ᠰᠠᠭᠤᠷᠢᠰᠢᠯ ᠣᠷᠴᠢᠨ ᠤ ᠲᠣᠬᠢᠵᠢᠯᠲᠠ᠂ ᠣᠷᠣᠨ ᠰᠠᠭᠤᠴᠠ ᠶᠢᠨ ᠪᠡᠳᠦᠯᠠᠭ᠎ᠠ᠂ ᠪᠡᠶ᠎ᠡ ᠶᠢᠨ ᠲᠠᠮᠢᠷ ᠤᠨ ᠦᠢᠯᠡᠰ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠪᠣᠳᠠᠲᠠᠢ ᠶᠠᠪᠤᠳᠠᠯ ᠤᠳ ᠢᠶᠠᠷ ᠭᠤᠣᠯᠳᠠᠭᠤᠯᠤᠨ᠎ᠠ᠃       4. ᠰᠠᠨᠠᠯ ᠬᠦᠯᠢᠶᠡᠨ ᠠᠪᠬᠤ ᠰᠤᠪᠠᠭ ᠤᠳ       ︵1︶ ᠵᠠᠰᠠᠭ ᠤᠨ ᠣᠷᠳᠣᠨ ᠤ ᠴᠠᠬᠢᠮ ᠰᠦᠯᠵᠢᠶ᠎ᠡ᠃       ᠰᠦᠯᠵᠢᠶᠡᠨ ᠤ ᠬᠠᠶ᠋ᠢᠭ᠄ https://www.alszq.gov.cn ᠬᠠᠶ᠋ᠢᠭ ᠢᠶᠠᠷ ᠨᠡᠪᠲᠡᠷᠡᠵᠦ ︽ᠠᠯᠠᠱᠠ ᠵᠡᠭᠦᠨ ᠬᠤᠰᠢᠭᠤᠨ ᠤ 2025 ᠣᠨ ᠤ ᠠᠷᠠᠳ ᠢᠷᠭᠡᠳ ᠲᠤ ᠴᠢᠭᠯᠡᠭᠰᠡᠨ ᠪᠣᠳᠠᠲᠤ ᠠᠵᠢᠯ ᠤᠳ ᠤᠨ ᠰᠠᠨᠠᠯ︾ ᠬᠡᠰᠡᠭ ᠲᠤ ᠰᠠᠨᠠᠯ ᠢᠶᠠᠨ ᠢᠯᠡᠭᠡᠨ᠎ᠡ ᠦᠦ᠃       ︵2︶ ᠴᠠᠬᠢᠮ ᠰᠢᠤᠳᠠᠨ᠃       ᠰᠠᠨᠠᠯ ᠢᠯᠡᠭᠡᠬᠦ ᠬᠠᠶ᠋ᠢᠭ᠄ azqzfbzhs@163.com       ︵3︶ ᠤᠲᠠᠰᠤᠨ ᠤ ᠰᠠᠨᠠᠯ ᠬᠦᠯᠢᠶᠡᠨ ᠠᠪᠤᠯᠲᠠ᠃       ᠤᠲᠠᠰᠤ᠄ 0483-8222825. ᠠᠵᠢᠯ ᠤᠨ ᠡᠳᠦᠷ ᠤᠳ ᠲᠤ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︶ ᠦᠳᠡ ᠠᠴᠠ ᠡᠮᠦᠨ᠎ᠡ 09:00-12:00᠂ ᠦᠳᠡ ᠠᠴᠠ ᠬᠤᠶᠢᠨ᠎ᠠ 15:00-18:00 ᠴᠠᠭ ᠤᠨ ᠬᠤᠭᠤᠷᠦᠡᠳᠦ ᠰᠠᠨᠠᠯ ᠢᠶᠠᠨ ᠥᠭᠴᠦ ᠪᠣᠯᠤᠨ᠎ᠠ᠃                   ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ                         2024 ᠣᠨ ᠤ 11 ᠰᠠᠷ᠎ᠠ ᠶᠢᠨ 15 ᠤ ᠡᠳᠦᠷ                              
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号