ᠠᠯᠠᠱᠠ ᠠᠶᠢᠮᠠᠭ ᠤᠨ ︽ᠪᠠᠶᠢᠭᠤᠯᠵᠤ ᠠᠷᠠᠴᠢᠯᠠᠬᠤ ᠶᠢ ᠨᠢᠭᠡ ᠴᠤᠭᠴᠠᠵᠢᠭᠤᠯᠬᠤ︾ ᠪᠠᠷᠠᠭᠤᠨ ᠢᠩᠭᠡᠨ ᠠᠴᠠ ᠢᠩᠭᠡᠨ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠭᠤᠤᠯ ᠴᠤᠭᠴᠠ ᠶᠢ ᠨᠡᠪᠳᠡᠷᠡᠬᠦᠯᠪᠡ
ᠨᠡᠶᠢᠲᠡᠯᠡᠭᠰᠡᠨ ᠴᠠᠭ᠄
2024/11/25
  11 ᠰᠠᠷ᠎ᠠ ᠶᠢᠨ 1 ᠤ ᠡᠳᠦᠷ᠂ ᠠᠯᠠᠱᠠ ᠠᠶᠢᠮᠠᠭ ᠤᠨ ︽ ᠪᠠᠶᠢᠭᠤᠯᠵᠤ ᠠᠷᠠᠴᠢᠯᠠᠬᠤ ᠶᠢ ᠨᠢᠭᠡ ᠴᠤᠭᠴᠠᠵᠢᠭᠤᠯᠬᠤ︾ ᠪᠠᠷᠠᠭᠤᠨ ᠢᠩᠭᠡᠨ ᠠᠴᠠ ᠢᠩᠭᠡᠨ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠷᠥᠯ ᠵᠦᠢᠯ ᠤᠨ ᠵᠠᠮ ᠤᠨ ᠭᠠᠳᠠᠷᠭᠤ ᠶᠢᠨ ᠪᠠᠷᠢᠯᠭ᠎ᠠ ᠶᠢᠨ ᠠᠵᠢᠯ ᠢ ᠤᠷᠤᠭᠰᠢᠲᠠᠶ ᠪᠡᠶᠡᠯᠡᠭᠦᠯᠵᠦ᠂ ᠪᠠᠷᠢᠯᠭ᠎ᠠ ᠶᠢᠨ ᠭᠤᠤᠯ ᠴᠣᠭᠴᠠ ᠶᠢ ᠨᠡᠪᠲᠡᠷᠡᠭᠦᠯᠬᠦ ᠶᠢ ᠪᠡᠶᠡᠯᠡᠭᠦᠯᠪᠡ᠃    ᠪᠠᠷᠠᠭᠤᠨ ᠢᠩᠭᠡᠨ ᠠᠴᠠ ᠢᠩᠭᠡᠨ ᠬᠥᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ
     ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠴᠠᠭᠠᠨ ᠵᠠᠳᠠᠭᠠᠢ ᠭᠠᠴᠠᠭᠠᠨ ᠤ ᠮᠠᠯᠴᠢᠨ    ᠨᠠᠰᠣᠨ
    ᠰᠢᠨ᠎ᠡ ᠵᠠᠮ ᠵᠠᠰᠠᠵᠤ ᠪᠠᠷᠠᠭᠰᠠᠨ ᠤ ᠳᠠᠷᠠᠭ᠎ᠠ᠂ ᠨᠠᠰᠢ ᠴᠠᠰᠢ ᠶᠠᠪᠤᠬᠤ᠂ ᠡᠪᠡᠰᠦ ᠪᠣᠷᠳᠤᠭ᠎ᠠ ᠲᠠᠲᠠᠬᠤ᠂ ᠠᠮᠢᠳᠤᠷᠠᠯ ᠤᠨ ᠬᠡᠷᠡᠭᠰᠡᠯ ᠲᠡᠭᠡᠭᠡᠬᠦ ᠵᠡᠷᠭᠡ ᠲᠠᠯ᠎ᠠ ᠪᠠᠷ ᠮᠠᠰᠢ ᠳᠥᠭᠦᠮ ᠪᠣᠯᠵᠠᠢ᠃    ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠴᠠᠭᠠᠨ ᠵᠠᠳᠠᠭᠠᠢ ᠭᠠᠴᠠᠭᠠᠨ ᠤ ᠡᠭᠦᠷ ᠤᠨ ᠱᠦᠵᠢ᠂ ᠡᠷᠬᠢᠯᠡᠭᠴᠢ   ᠭᠡᠷᠡᠯᠲᠦ
   ᠡᠨᠡ ᠪᠣᠯ ᠠᠷᠠᠳ ᠤᠨ ᠰᠡᠳᠬᠢᠯ ᠤᠨ ᠵᠠᠮ ᠮᠥᠨ᠂ ᠪᠠᠰᠠ ᠴᠤ ᠪᠠᠶᠠᠵᠢᠯ ᠤᠨ ᠵᠠᠮ ᠮᠥᠨ᠂ ᠡᠨᠡ ᠬᠦ ᠵᠠᠮ ᠢ ᠵᠠᠰᠠᠬᠤ ᠨᠢ ᠬᠢᠯᠢ ᠶᠢᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠶᠠᠰᠤ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠥᠭᠡᠳ ᠬᠢᠯᠢ ᠬᠢᠵᠠᠭᠠᠷ ᠤᠨ ᠭᠠᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃    ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷᠲᠡᠶ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠪᠠᠷᠠᠭᠤᠨ ᠢᠩᠭᠡᠨ ᠠᠴᠠ ᠢᠩᠭᠡᠨ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠷᠥᠯ ᠵᠦᠢᠯ ᠢ ᠠᠷᠠᠳ ᠤᠨ ᠠᠮᠢᠳᠤᠷᠠᠯ ᠤᠨ ᠴᠢᠬᠤᠯᠠ ᠪᠣᠳᠠᠲᠤ ᠶᠠᠪᠤᠳᠠᠯ ᠤᠨ ᠲᠥᠷᠥᠯ ᠵᠦᠢᠯ ᠪᠣᠯᠭᠠᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠣᠷᠣᠭᠤᠯᠵᠤ᠂ ᠵᠠᠮ ᠤᠨ ᠰᠠᠭᠤᠷᠢ ᠶᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠮᠡᠳᠡᠭᠡ︾ ᠶᠢ ᠨᠢᠭᠡ ᠴᠣᠭᠴᠠᠵᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠪᠠ᠃
   ᠣᠶᠢᠯᠠᠭᠠᠭᠰᠠᠨ ᠢᠶᠠᠷ᠂ ᠠᠯᠠᠱᠠ ᠠᠶᠢᠮᠠᠭ ᠤᠨ ︽ᠪᠠᠶᠢᠭᠤᠯᠵᠤ ᠠᠷᠠᠴᠢᠯᠠᠬᠤ ᠶᠢ ᠨᠢᠭᠡ ᠴᠤᠭᠴᠠᠵᠢᠭᠤᠯᠬᠤ︾ ᠪᠠᠷᠠᠭᠤᠨ ᠢᠩᠭᠡᠨ ᠠᠴᠠ ᠢᠩᠭᠡᠨ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠥᠷᠥᠯ ᠵᠦᠢᠯ ᠢ 2024 ᠣᠨ ᠤ 6 ᠰᠠᠷ᠎ᠠ ᠳᠤ ᠲᠥᠯᠥᠪᠯᠡᠭᠡ ᠶᠣᠰᠣᠭᠠᠷ ᠡᠬᠢᠯᠡᠨ ᠪᠠᠶᠢᠭᠤᠯᠵᠤ᠂ ᠲᠥᠷᠥᠯ ᠵᠦᠢᠯ ᠤᠨ ᠪᠥᠬᠦ ᠣᠷᠳᠣ ᠨᠢ 93 ᠺᠢᠯᠣᠮᠧᠲᠷ ᠪᠠᠶᠢᠵᠤ᠂ ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠵᠠᠰᠠᠵᠤ᠂ ᠶᠡᠷᠦᠩᠬᠡᠶ ᠪᠠᠯᠠ ᠣᠷᠣᠭᠤᠯᠤᠯᠲᠠ ᠨᠢ 1.8 ᠳ᠋ᠦᠩᠰᠢᠭᠤᠷ ᠲᠥᠭᠦᠷᠢᠭ ᠪᠣᠯᠤᠨ᠎ᠠ᠃ ᠲᠥᠷᠥᠯ ᠵᠦᠢᠯ ᠨᠢ ︽ᠪᠠᠶᠢᠭᠤᠯᠵᠤ ᠠᠷᠠᠴᠢᠯᠠᠬᠤ ᠶᠢ ᠨᠢᠭᠡ ᠴᠣᠭᠴᠠᠵᠢᠭᠤᠯᠬᠤ︾ ᠰᠡᠯᠪᠢᠨ ᠵᠠᠰᠠᠬᠤ ᠴᠢᠨᠠᠷᠲᠠᠶ ᠠᠷᠠᠴᠢᠯᠠᠨ ᠬᠠᠮᠠᠭᠠᠯᠠᠬᠤ ᠢᠨᠵᠧᠨᠧᠷᠢᠩ +10 ᠵᠢᠯ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠤᠶᠠᠯᠳᠤᠭᠤᠯᠬᠤ ᠵᠠᠭᠪᠤᠷ ᠢ ᠬᠡᠷᠡᠭᠯᠡᠪᠠ᠃   ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ      ᠯᠢ ᠽᠦᠩ ᠶᠦᠩ
   ᠲᠥᠷᠥᠯ ᠵᠦᠢᠯ ᠢ ᠪᠠᠶᠢᠭᠤᠯᠤᠭᠰᠠᠨ ᠨᠢ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠭᠤᠤᠯ ᠱᠤᠭᠤᠮ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ᠂ ᠬᠢᠯᠢ ᠬᠢᠵᠠᠭᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠮᠠᠯᠴᠢᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ ᠬᠢᠯᠢ ᠬᠢᠵᠠᠭᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠵᠠᠮ ᠳᠠᠭᠠᠤ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠵᠠᠮ ᠬᠠᠷᠢᠯᠴᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃    ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠵᠦᠢᠯ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠵᠠᠮ ᠤᠨ ᠲᠣᠤᠷ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号