ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖ ᠠᠷᠠᠳ ᠤᠨ ᠡᠳᠦᠷ ᠤᠨ ᠰᠣᠨᠢᠨ ᠤ ᠡᠨᠡ ᠵᠣᠬᠢᠶᠠᠯ ᠳᠤ ᠲᠣᠲᠤᠷᠬᠠᠢ ᠶᠠᠷᠢᠵᠠᠢ ︵ᠭᠤᠷᠪᠠ︶
ᠨᠡᠶᠢᠲᠡᠯᠡᠭᠰᠡᠨ ᠴᠠᠭ᠄
2024/11/25
     ᠥᠷᠢᠰᠦᠯᠳᠦᠭᠡᠨ ᠰᠢᠷᠦᠭᠦᠰᠬᠦ ᠲᠤᠲᠤᠮ ᠢᠶᠠᠨ ᠨᠢᠭᠡ ᠯᠠ ᠠᠮᠢᠰᠬᠤᠭ᠎ᠠ ᠪᠠᠷ ᠠᠯᠬᠤᠭ᠎ᠠ ᠪᠠᠨ ᠲᠡᠭᠰᠢᠯᠡᠨ ᠭᠤᠤ ᠭᠠᠩᠭ᠎ᠠ ᠶᠢ ᠳᠠᠪᠠᠵᠤ᠂ ᠵᠦᠪᠳᠦᠭᠡᠭᠰᠡᠨ ᠵᠦᠢᠯᠡᠰ ᠢᠶᠠᠨ ᠱᠠᠯᠠᠪᠳᠠᠨ ᠬᠢᠬᠦ ᠬᠡᠷᠡᠭᠲᠡᠢ᠃      ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠤᠨ ᠬᠤᠭᠤᠴᠠᠭᠠᠨ ᠤ ᠵᠣᠬᠢᠴᠠᠭᠤᠯᠭ᠎ᠠ ᠶᠢ ᠴᠢᠩᠭᠠᠳᠬᠠᠵᠤ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠢ ᠥᠷᠭᠡᠳᠬᠡᠬᠦ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠲᠠᠯᠪᠢᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ᠂ ᠬᠦᠷᠦᠩᠭᠡ ᠶᠢᠨ ᠵᠠᠬ᠎ᠠ ᠳᠡᠯᠭᠡᠭᠦᠷ ᠢ ᠤᠷᠮᠠᠰᠢᠭᠤᠯᠤᠨ ᠬᠥᠭᠵᠢᠭᠡᠬᠦ ᠶᠢ ᠠᠬᠢᠭᠤᠯᠤᠨ᠎ᠠ ᠁ ᠨᠡᠮᠡᠭᠳᠡᠯ ᠤᠨ ᠠᠯᠢ ᠣᠯᠠᠨ ᠲᠥᠷᠥ ᠶᠢᠨ ᠪᠣᠳᠣᠯᠭ᠎ᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠲᠠᠢ ᠶᠤᠮ᠃      ︽ᠬᠤᠶᠠᠷ ᠴᠢᠬᠤᠯᠠ︾᠂ ︽ᠬᠤᠶᠠᠷ ᠰᠢᠨ᠎ᠡ︾ ᠶᠢ ᠲᠦᠷᠭᠡᠳᠬᠡᠨ ᠠᠬᠢᠭᠤᠯᠵᠤ᠂ ᠣᠷᠣᠨ ᠨᠣᠲᠣᠭᠴᠢᠯᠠᠭᠰᠠᠨ ᠥᠷᠢ ᠥᠭᠴᠡᠭᠡ ᠶᠢ ᠠᠷᠢᠯᠭᠠᠬᠤ ᠡᠬᠢ ᠪᠠᠶᠠᠯᠢᠭ ᠢ 10 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠥᠷᠢ ᠥᠭᠴᠡᠭᠡ ᠶᠢ ᠠᠷᠢᠯᠭᠠᠬᠤ ︽ᠬᠠᠮ ᠠᠷᠭ᠎ᠠ︾ ᠶᠢ ᠪᠤᠢ ᠪᠣᠯᠭᠠᠵᠤ᠂ ᠣᠷᠣᠨ ᠨᠤᠲᠤᠭ ᠤᠨ ᠬᠥᠭᠵᠢᠯᠲᠡ ᠶᠢᠨ ᠳᠠᠷᠤᠭᠠᠰᠤ ᠶᠢ ᠬᠦᠩᠭᠡᠷᠡᠭᠦᠯᠵᠦ᠂ ᠬᠥᠳᠡᠯᠭᠡᠭᠴᠢ ᠬᠦᠴᠦᠨ ᠢ ᠨᠡᠮᠡᠭᠳᠡᠭᠦᠯᠵᠦ᠂ 1 ᠲᠦᠮᠡᠨ ᠳ᠋ᠦᠩᠰᠢᠭᠤᠷ ᠲᠥᠭᠦᠷᠢᠭ ᠤᠨ ᠤᠷᠲᠤ ᠬᠤᠭᠤᠴᠠᠭᠠᠨ ᠤ ᠣᠨᠴᠠᠭᠠᠶᠢᠯᠠᠨ ᠬᠡᠷᠡᠭᠵᠢᠭᠦᠯᠬᠦ ᠤᠯᠤᠰ ᠤᠨ ᠵᠢᠭᠡᠯᠡᠯᠭᠡ ᠶᠢ ᠴᠥᠮ ᠲᠥᠷᠥᠯ ᠵᠦᠢᠯ ᠪᠠ ᠣᠷᠣᠨ ᠨᠤᠲᠤᠭ ᠲᠤ ᠪᠠᠭᠤᠯᠭᠠᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ ᠁ ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ ᠣᠳᠣᠬᠠᠨ ᠤ ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ ᠪᠠᠶᠢᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠣᠳᠣᠯᠬᠢᠯᠠᠵᠤ᠂ ᠯᠣᠭᠢᠭ ᠴᠢᠨᠠᠷ ᠢ ᠨᠡᠩ ᠲᠤᠪᠤᠶᠢᠯᠭᠠᠪᠠ᠃      ᠡᠳ᠋ ᠤᠨ ᠵᠠᠰᠠᠭ ᠭᠠᠶᠢᠯᠢ ᠲᠠᠲᠠᠪᠤᠷᠢ᠂ ᠵᠣᠭᠤᠰ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠬᠡᠷᠡᠭᠯᠡᠭᠡ᠂ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠ ᠰᠢᠰᠲ᠋ᠧᠮ ᠲᠠᠢ ᠲᠥᠪᠯᠡᠷᠡᠭᠦᠯᠬᠦ ᠶᠢ ᠴᠢᠩᠭᠠᠳᠬᠠᠵᠤ᠂ ᠨᠢᠭᠡᠳᠦᠯᠲᠦ ᠴᠢᠨᠠᠷᠲᠠᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠡᠨᠡ ᠵᠢᠯ ᠪᠠ ᠢᠷᠡᠬᠦ ᠵᠢᠯ ᠤᠨ ᠲᠦᠷᠦ ᠶᠢᠨ ᠪᠤᠳᠤᠯᠭ᠎ᠠ ᠶᠢ ᠵᠣᠯᠭᠠᠭᠤᠯᠬᠤ᠂ ᠠᠵᠢᠯ ᠢ ᠵᠣᠯᠭᠠᠭᠤᠯᠬᠤ ᠶᠢ ᠨᠢᠭᠡᠳᠦᠯᠲᠡᠢ ᠲᠦᠯᠦᠪᠯᠡᠨ᠎ᠡ ᠁ ᠨᠡᠮᠡᠭᠳᠡᠯ ᠤᠨ ᠬᠠᠮ ᠲᠦᠷᠦ ᠶᠢᠨ ᠪᠤᠳᠤᠯᠭ᠎ᠠ ᠨᠢ ᠰᠢᠰᠲ᠋ᠧᠮ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠂ ᠤᠷᠳᠤ ᠪᠠ ᠣᠬᠤᠷ ᠬᠤᠭᠤᠴᠠᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠴᠢᠨᠠᠷ ᠢ ᠭᠦᠢᠴᠡᠳ ᠢᠯᠡᠷᠡᠭᠦᠯᠪᠡ᠃      ᠪᠦᠬᠦ ᠤᠯᠤᠰ ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠤᠭᠤᠳᠤᠮᠵᠢ ᠶᠢ ᠲᠦᠷᠭᠡᠳᠬᠡᠨ ᠲᠣᠭᠲᠠᠭᠠᠵᠤ᠂ ᠭᠠᠳᠠᠭᠠᠳᠤ ᠪᠡᠯᠡ ᠶᠢᠨ ᠣᠷᠤᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠨᠡᠶᠢᠲᠡᠯᠡᠵᠦ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠤᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ ᠵᠠᠰᠠᠪᠤᠷᠢ ᠣᠷᠤᠭᠤᠯᠤᠨ ᠦᠷᠭᠡᠳᠬᠡᠨ᠎ᠡ ᠁ ᠦᠭᠡᠷᠡᠴᠢᠯᠡᠯᠲᠡ ᠶᠢᠨ ᠠᠯᠢ ᠣᠯᠠᠨ ᠠᠷᠭ᠎ᠠ ᠬᠡᠮᠵᠢᠶ᠎ᠡ ᠶᠢ ᠲᠦᠷᠭᠡᠪᠴᠢᠯᠡᠨ ᠭᠠᠷᠭᠠᠵᠤ᠂ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃      9 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠬᠡᠷᠡᠭᠯᠡᠭᠡ᠂ ᠵᠢᠱᠢᠯᠲᠡ ᠵᠡᠷᠭᠡ ᠭᠦᠢᠴᠡᠳᠬᠡᠯ ᠲᠤᠭ᠎ᠠ ᠰᠠᠶᠢᠵᠢᠷᠠᠵᠤ᠂ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠳᠡᠭᠡᠷ᠎ᠡ ᠰᠠᠷ᠎ᠠ ᠶᠢᠨ ᠬᠢ ᠠᠴᠠ 0.9 ᠵᠠᠭᠤᠨ ᠤ ᠴᠡᠭ ᠢᠶᠠᠷ ᠲᠦᠷᠭᠡᠰᠪᠡ︔ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ 5.1% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.5 ᠵᠠᠭᠤᠨ ᠤ ᠴᠡᠭ ᠢᠶᠠᠷ ᠲᠦᠷᠭᠡᠰᠪᠡ ᠁      10 ᠳ᠋ᠤᠭᠠᠷ ᠰᠠᠷ᠎ᠠ ᠳᠤ᠂ ᠦᠢᠯᠡᠳᠬᠡᠯ ᠤᠨ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ ᠲᠤᠭ᠎ᠠ ᠨᠢ 50.1 % ᠪᠠᠶᠢᠵᠤ᠂ ᠬᠤᠶᠠᠷ ᠰᠠᠷ᠎ᠠ ᠳᠠᠷᠠᠭᠠᠯᠠᠨ ᠬᠠᠷᠢᠴᠠᠭᠤᠯᠤᠭᠰᠠᠨ ᠵᠢᠭᠠᠯᠲᠠ ᠲᠣᠭᠠᠨ ᠤ ᠬᠢ ᠠᠴᠠ ᠪᠠᠨ ᠳᠡᠭᠡᠭᠰᠢᠯᠡᠵᠦ᠂ 5 ᠰᠠᠷ᠎ᠠ ᠠᠴᠠ ᠨᠠᠭᠠᠰᠢ ᠠᠩᠬ᠎ᠠ ᠤᠳᠠᠭ᠎ᠠ ᠥᠷᠭᠡᠳᠬᠡᠯ ᠤᠨ ᠣᠷᠣᠨ ᠳᠤ ᠬᠦᠷᠴᠡᠶ︔ ᠦᠢᠯᠡᠳᠬᠡᠯ ᠤᠨ ᠪᠤᠰᠤ ᠦᠢᠯᠡᠰ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ ᠲᠤᠭ᠎ᠠ ᠨᠢ 50.2 % ᠪᠠᠶᠢᠵᠤ᠂ ᠬᠠᠷᠢᠴᠠᠭᠤᠯᠤᠭᠰᠠᠨ ᠵᠢᠭᠠᠯᠲᠠ ᠲᠣᠭᠠᠨ ᠤ ᠬᠢ ᠠᠴᠠ 0.2 ᠵᠠᠭᠤᠨ ᠤ ᠴᠡᠭ ᠢᠶᠠᠷ ᠳᠡᠭᠡᠭᠰᠢᠯᠡᠵᠡᠶ ᠁      10 ᠳ᠋ᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠬᠥᠭᠵᠢᠶᠡᠨᠲᠡᠶ ᠪᠣᠯᠵᠣ᠂ ᠣᠯᠠᠨ ᠭᠦᠢᠴᠡᠳᠭᠡᠯ ᠲᠤᠭ᠎ᠠ ᠨᠢ ᠨᠡᠯᠢᠶᠡᠳ ᠣᠷᠳᠣ ᠬᠤᠭᠤᠴᠠᠭᠠᠨ ᠳᠤ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ ᠪᠠᠶᠢᠭᠰᠠᠨ ᠠᠴᠠ ᠪᠠᠨ ᠡᠶᠡᠷᠭᠦ ᠨᠡᠮᠡᠭᠳᠡᠯ ᠢᠯᠡᠷᠡᠪᠡ᠃ ᠡᠭᠦᠨ ᠳᠤ᠂ ᠨᠢᠭᠡᠳᠦᠭᠡᠷ ᠵᠡᠷᠭᠡ ᠶᠢᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ᠂ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶ᠎ᠡ ᠪᠠᠷ ᠳᠡᠭᠡᠷ᠎ᠡ ᠭᠡᠷ᠎ᠡ ᠲᠣᠭᠲᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 14.1%᠂ 47.3% ᠪᠠᠷ ᠨᠡᠮᠡᠭᠳᠡᠵᠦ᠂ ᠪᠤᠰᠤᠳ ᠮᠠᠰᠢ ᠣᠯᠠᠨ ᠬᠤᠲᠠ ᠶᠢᠨ ᠲᠠᠸᠠᠷ ᠤᠨ ᠬᠡᠷ ᠪᠠᠶᠢᠰᠢᠩ ᠤᠨ ᠰᠦᠯᠵᠢᠶ᠎ᠡ ᠪᠠᠷ ᠭᠡᠷ᠎ᠡ ᠲᠣᠭᠲᠠᠭᠰᠠᠨ ᠬᠡᠮᠵᠢᠶ᠎ᠡ ᠨᠢ ᠴᠦ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ᠃ 2007 ᠣᠨ ᠠᠴᠠ ᠨᠠᠭᠠᠰᠢ᠂ ᠠᠷᠪᠠᠳᠤᠭᠠᠷ ᠰᠠᠷ᠎ᠠ ᠳᠠᠬᠢ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ ᠶᠢᠰᠦᠳᠦᠭᠡᠷ ᠰᠠᠷ᠎ᠠ ᠶᠢᠨ ᠬᠢ ᠠᠴᠠ ᠳᠠᠪᠠᠵᠠᠶ᠃      ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠤᠷ᠎ᠠ᠂ ᠵᠠᠬ᠎ᠠ ᠳᠡᠯᠭᠡᠭᠦᠷ ᠤᠨ ᠬᠥᠭᠵᠢᠶᠡᠨᠲᠦ ᠬᠡᠮᠵᠢᠶ᠎ᠡ ᠲᠦᠷᠭᠡᠨ ᠳᠡᠭᠡᠭᠰᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠢᠱᠢᠯᠲᠡ ᠨᠡᠯᠢᠶᠡᠳ ᠲᠦᠷᠭᠡᠨ ᠰᠠᠶᠢᠵᠢᠷᠠᠵᠤ᠂ ᠳᠣᠲᠣᠭᠠᠳᠤ ᠬᠡᠷᠡᠭᠴᠡᠭᠡ ᠶᠢᠨ ᠨᠢᠭᠤᠭᠳᠠᠮᠠᠯ ᠬᠦᠴᠦᠨ ᠢ ᠪᠦᠲᠦᠮᠵᠢᠲᠡᠶ ᠬᠥᠭᠵᠢᠭᠡᠵᠦ᠂ ᠠᠵᠤ ᠦᠢᠯᠡᠳᠪᠦᠷᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠰᠪᠡ᠃      ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠢᠲᠡᠭᠡᠯ ᠵᠣᠷᠢᠭ ᠢ ᠪᠠᠲᠤᠳᠬᠠᠵᠤ᠂ ᠨᠡᠮᠡᠭᠳᠡᠯ ᠢ ᠠᠬᠢᠭᠤᠯᠬᠤ ᠦᠷ᠎ᠡ ᠪᠦᠲᠦᠮᠵᠢ ᠨᠢ ᠦᠷᠭᠦᠯᠵᠢᠯᠡᠨ ᠢᠯᠡᠷᠬᠡᠶ ᠪᠣᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠪᠤᠰᠢᠭᠤ ᠲᠦᠷᠭᠡᠨ ᠲᠤᠰᠬᠠᠯ ᠭᠠᠷᠴᠤ᠂ ᠰᠲ᠋ᠣᠺ᠂ ᠠᠪᠴᠠᠭ᠎ᠠ ᠵᠡᠷᠭᠡ ᠵᠠᠬ᠎ᠠ ᠳᠡᠯᠭᠡᠭᠦᠷ ᠤᠨ ᠲᠤᠰᠬᠠᠯ ᠴᠥᠮ ᠨᠡᠯᠢᠶᠡᠳ ᠢᠳᠡᠪᠬᠢᠲᠡᠶ ᠪᠥᠭᠡᠳ ᠵᠥᠪ ᠲᠠᠯ᠎ᠠ ᠶᠢᠨ ᠲᠡᠶᠢᠰᠢ ᠬᠦᠭᠵᠢᠵᠦ ᠪᠠᠶᠢᠨ᠎ᠠ᠃      ᠳᠤᠮᠳᠠᠳᠤ ᠤᠯᠤᠰ ᠤᠨ ᠠᠵᠤ ᠠᠬᠤᠢ ᠶᠠᠭ ᠳᠠᠪᠠᠭ᠎ᠠ ᠳᠠᠪᠠᠭ᠋ᠤ ᠦᠶ᠎ᠡ ᠳᠤ ᠣᠷᠤᠰᠢᠵᠤ ᠪᠤᠢ᠂ ᠬᠦᠴᠦ ᠲᠠᠮᠢᠷ ᠬᠡᠷᠡᠭᠯᠡᠬᠦ ᠦᠶ᠎ᠡ ᠳᠤ ᠨᠡᠩ ᠯᠠᠪᠳᠠᠭᠤᠨ ᠪᠠᠶᠢᠬᠤ ᠬᠡᠷᠡᠭᠲᠡᠢ᠃ ︽ᠭᠠᠯᠵᠠᠭᠤ ᠦᠬᠡᠷ︾ ᠪᠣᠯᠵᠤ ᠪᠣᠯᠬᠤ ᠦᠭᠡᠢ᠂ ︽ᠬᠠᠱᠠᠩ ᠦᠬᠡᠷ︾ ᠪᠣᠯᠪᠠᠯ ᠵᠣᠬᠢᠨ᠎ᠠ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠴᠢᠭᠯᠡᠭᠦᠯᠦᠯᠲᠡ ᠴᠢᠨᠠᠷ᠂ ᠪᠦᠲᠦᠮᠵᠢᠲᠦ ᠴᠢᠨᠠᠷ ᠢ ᠴᠢᠨᠠᠭᠰᠢᠲᠠ ᠳᠡᠭᠡᠭᠰᠢᠯᠡᠭᠦᠯᠪᠡᠯ᠂ ᠳᠤᠮᠳᠠᠳᠤ ᠶᠢᠨ ᠡᠳ᠋ ᠤᠨ ᠵᠠᠰᠠᠭ ᠯᠠᠪᠳᠠᠭᠤᠨ ᠪᠠᠲᠤᠲᠠᠢ ᠣᠷᠤᠭᠰᠢᠯᠠᠵᠤ᠂ ᠠᠯᠤᠰ ᠢ ᠵᠣᠷᠢᠵᠤ ᠴᠢᠳᠠᠨ᠎ᠠ᠃      ︽ᠵᠠᠮ ᠢ ᠵᠢᠷᠤᠮᠯᠠᠨ ᠶᠠᠪᠤᠬᠤ ᠳᠤ ᠪᠠᠨ ᠲᠠᠭᠠᠷᠠᠨ᠎ᠠ᠂ ᠬᠠᠭᠠᠰ ᠵᠠᠮ ᠬᠦᠷᠦᠭᠰᠡᠨ ᠴᠦ ᠦᠷᠭᠦᠯᠵᠢᠯᠡᠨ ᠴᠢᠷᠮᠠᠶᠢᠬᠤ ᠬᠡᠷᠡᠭᠲᠡᠢ︾᠃      ᠠᠵᠢᠯᠯᠠᠬᠤ ᠶᠢ ᠲᠡᠷᠢᠭᠦᠨ ᠳᠤ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ᠃      ᠳᠤᠮᠳᠠᠳᠤ ᠤᠯᠤᠰ ᠤᠨ ᠠᠵᠤ ᠠᠬᠤᠢ ᠶᠡᠷᠦ ᠠᠴᠠ ᠥᠷᠢᠰᠥᠯᠳᠦᠭᠡᠨ ᠢ ᠢᠯᠠᠨ ᠳᠠᠪᠠᠭ᠋ᠤ ᠳᠤᠮᠳᠠ ᠬᠥᠭᠵᠢᠵᠦ᠂ ᠰᠠᠯᠬᠢ ᠪᠣᠷᠣᠭᠠᠨ ᠤ ᠳᠤᠮᠳᠠ ᠦᠰᠦᠨ ᠪᠤᠶᠢᠵᠢᠵᠤ᠂ ᠰᠢᠯᠭᠠᠯᠲᠠ ᠶᠢ ᠥᠩᠭᠡᠷᠡᠭᠡᠬᠦ ᠳᠤᠮᠳᠠ ᠪᠤᠵᠠᠭᠠᠶᠢᠷᠠᠭᠰᠠᠭᠠᠷ ᠢᠷᠡᠵᠡᠶ᠃      ᠵᠠᠩᠭᠢᠯᠠᠭ᠎ᠠ ᠶᠢᠨ ᠴᠠᠭ ᠦᠶ᠎ᠡ᠂ ᠵᠠᠩᠭᠢᠯᠠᠭ᠎ᠠ ᠶᠢᠨ ᠨᠢᠭᠡ ᠵᠢᠯ ᠳᠤ᠂ ᠣᠩᠭᠤᠴᠠ ᠰᠡᠯᠢᠭᠰᠡᠭᠡᠷ ᠭᠤᠣᠯ ᠤᠷᠤᠰᠬᠠᠯ ᠳᠤ ᠬᠦᠷᠴᠦ᠂ ᠬᠥᠮᠦᠰ ᠠᠭᠤᠯᠠ ᠮᠠᠴᠣᠭᠰᠠᠭᠠᠷ ᠬᠠᠭᠠᠰ ᠵᠠᠮ ᠳᠤ ᠪᠠᠨ ᠬᠦᠷᠬᠦ ᠳᠤ᠂ ᠨᠡᠩ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠬᠤ ᠴᠢᠬᠤᠯᠠᠲᠠᠢ ᠲᠠᠢ ᠶᠤᠮ᠃ ᠰᠠᠯᠬᠢ ᠪᠤᠷᠤᠭᠠᠨ ᠤ ᠳᠤᠮᠳᠠ ᠰᠠᠭᠠᠳ ᠦᠭᠡᠢ ᠤᠷᠤᠭᠰᠢᠯᠠᠵᠤ᠂ ᠶᠠᠮᠠᠷᠪᠠ ᠬᠦᠴᠢᠷ ᠪᠡᠷᠬᠡᠰᠢᠶᠡᠯ ᠭᠡᠳ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃      ︽ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠡᠨᠡ ᠬᠦ ᠢᠳᠡ ᠬᠦᠴᠦᠨ ᠪᠠ ᠢᠲᠡᠭᠡᠯ ᠵᠣᠷᠢᠭ ᠲᠠᠢ︾᠃
 
ᠢᠷᠡᠯᠲᠡ᠄ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号