︽ᠶᠢᠰᠦ ᠡᠬᠢᠯᠡᠪᠡᠯ ︾ ᠬᠤᠨᠢᠨ ᠤ ᠮᠢᠬ᠎ᠠ ᠢᠳᠡᠬᠦ ᠶᠢ ᠵᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2024/11/29
            ᠡᠬᠢ ᠰᠤᠷᠪᠤᠯᠵᠢ ᠄ ᠰᠢᠨᠬᠤᠸᠠ ᠰᠦᠯᠵᠢᠶ᠎ᠡ       ᠬᠥᠬᠡᠬᠤᠲᠠ ᠶᠢᠨ ᠡᠷᠡᠭᠦᠯ ᠮᠡᠨᠳᠦ ᠶᠢᠨ ᠮᠡᠷᠭᠡᠵᠢᠯᠲᠡᠨ ᠬᠡᠯᠡᠬᠦ ᠳᠤ ᠪᠠᠨ ᠂ ᠡᠪᠦᠯ ᠤᠨ ᠤᠯᠠᠷᠢᠯ ᠳᠤ ᠬᠤᠨᠢᠨ ᠤ ᠮᠢᠬ᠎ᠠ ᠬᠡᠷᠡᠭᠯᠡᠬᠦ ᠨᠢ ᠪᠡᠶ᠎ᠡ ᠶᠢᠨ ᠡᠷᠴᠢ ᠬᠦᠴᠦ ᠶᠢ ᠨᠡᠮᠡᠭᠳᠡᠭᠦᠯᠵᠦ ᠂ ᠬᠦᠢᠲᠡᠨ ᠳᠤ ᠲᠡᠰᠪᠦᠷᠢᠲᠡᠢ ᠪᠠᠶᠢᠬᠤ ᠠᠴᠢ ᠬᠤᠯᠪᠣᠭᠳᠠᠯ ᠲᠠᠢ ᠭᠡᠵᠡᠢ ᠃       ᠲᠡᠷᠡ ᠪᠠᠷ ᠮᠤᠩᠭᠤᠯ ᠡᠮᠨᠡᠯᠭᠡ ᠶᠢᠨ ᠤᠯᠠᠮᠵᠢᠯᠠᠯ ᠤᠨ ᠲᠠᠯ᠎ᠠ ᠪᠠᠷ ᠳᠤᠷᠠᠳᠬᠤ ᠳᠤ ᠪᠠᠨ ᠄ ︽ᠡᠪᠦᠯ ᠬᠦᠢᠲᠡᠨ ᠲᠤᠯᠠ ᠂ ᠬᠠᠯᠠᠭᠤᠨ ᠴᠢᠨᠠᠷᠲᠠᠢ ᠬᠤᠭᠤᠯᠠ ᠬᠦᠨᠡᠰᠦ ᠬᠡᠷᠡᠭᠯᠡᠬᠦ ᠶᠢ ᠵᠥᠪᠯᠡᠳᠡᠭ ᠃ ᠬᠤᠨᠢ ᠮᠢᠬ᠎ᠠ ᠨᠢ ᠠᠮᠲᠠᠲᠠᠢ ᠂ ᠪᠡᠶ᠎ᠡ ᠶᠢ ᠳᠤᠯᠠᠭᠠᠴᠠᠭᠤᠯᠬᠤ ᠂ ᠡᠨᠧᠷᠭᠢ ᠨᠥᠬᠦᠬᠦ ᠂ ᠳᠠᠷᠬᠠᠯᠠᠭ᠎ᠠ ᠶᠢ ᠰᠠᠶᠢᠵᠢᠷᠠᠭᠤᠯᠬᠤ ᠥᠨᠳᠥᠷ ᠠᠴᠢ ᠬᠤᠯᠪᠣᠭᠳᠠᠯ ᠲᠠᠢ ᠃ ᠮᠣᠩᠭᠤᠯ ᠤᠨ ᠡᠷᠲᠡᠨ ᠤ ᠠᠨᠠᠭᠠᠬᠤ ᠤᠬᠠᠭᠠᠨ ᠳᠤ ᠤᠭ ᠮᠢᠬ᠎ᠠ ᠶᠢ ᠬᠤᠭᠤᠯᠠ ᠲᠡᠵᠢᠭᠡᠯ ᠤᠨ ᠵᠠᠰᠠᠯ ᠳᠤ ᠥᠷᠭᠡᠨ ᠬᠡᠷᠡᠭᠯᠡᠵᠦ ᠢᠷᠡᠭᠰᠡᠨ︾ ᠬᠡᠮᠡᠨ ᠣᠨᠴᠠᠯᠠᠪᠠ ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号