ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠵᠣᠣ ᠤᠳᠠ ᠮᠢᠬᠠᠨ ᠤ ᠬᠤᠨᠢᠨ ᠤ ᠡᠭᠦᠯᠳᠡᠷ
ᠨᠡᠶᠢᠲᠡᠯᠡᠭᠰᠡᠨ ᠴᠠᠭ᠄
2024/11/29
      2017 ᠣᠨ ᠤ 4 ᠳ᠋ᠦ᠋ᠭᠡᠷ ᠰᠠᠷ᠎ᠠ ᠳᠤ ᠤᠯᠠᠭᠠᠨᠬᠠᠳᠠ ᠬᠤᠲᠠ ᠳᠤ ᠮᠢᠬᠠᠨ ᠤ ᠰᠢᠨ᠎ᠡ ᠡᠭᠦᠯᠳᠡᠷ ᠪᠣᠯᠬᠤ ᠵᠣᠣ ᠤᠳᠠ ᠮᠢᠬᠠᠨ ᠤ ᠬᠤᠨᠢ ᠶᠢ ᠬᠥᠭᠵᠢᠭᠦᠯᠬᠦ ᠂ ᠲᠦᠭᠡᠭᠡᠨ ᠳᠡᠯᠭᠡᠷᠡᠭᠦᠯᠬᠦ ᠲᠥᠰᠥᠯ ᠬᠥᠳᠡᠭᠡ ᠠᠵᠤ ᠠᠬᠤᠢ ᠶᠢᠨ ᠲᠧᠭᠨᠢᠭ ᠤᠨ ᠳᠡᠪᠰᠢᠯᠲᠡᠲᠦ ᠱᠠᠩᠨᠠᠯ ᠤᠨ ᠲᠡᠷᠢᠭᠦᠨ ᠪᠠᠶᠢᠷᠢ ᠬᠦᠷᠲᠡᠭᠰᠡᠨ ᠃ ᠤᠭ ᠡᠭᠦᠯᠳᠡᠷ ᠨᠢ ᠮᠠᠨ ᠤ ᠤᠯᠤᠰ ᠤᠨ ᠬᠤᠶᠠᠳᠠᠭᠢ ᠪᠡᠶ᠎ᠡ ᠳᠠᠭᠠᠭᠠᠨ ᠬᠥᠭᠵᠢᠭᠦᠯᠦᠭᠰᠡᠨ ᠡᠭᠦᠯᠳᠡᠷ ᠪᠥᠭᠡᠳ 2 ᠵᠢᠯ ᠳᠤ 3 ᠤᠳᠠᠭ᠎ᠠ ᠲᠥᠯᠯᠡᠳᠡᠭ ᠂ ᠮᠢᠬᠠᠨ ᠤ ᠭᠠᠷᠴᠠ ᠂ ᠨᠣᠣᠰᠣᠨ ᠤ ᠴᠢᠨᠠᠷ ᠥᠨᠳᠥᠷ ᠲᠠᠢ ᠃             ᠡᠪᠦᠯ ᠤᠨ ᠬᠤᠨᠢᠨ ᠤ ᠲᠥᠯ ᠠᠷᠠᠴᠢᠯᠠᠭᠠᠨ ᠤ ᠲᠧᠭᠨᠢᠭ       ᠡᠪᠦᠯ ᠲᠥᠯᠯᠡᠭᠰᠡᠨ ᠬᠤᠨᠢᠨ ᠤ ᠠᠷᠠᠴᠢᠯᠠᠭ᠎ᠠ ᠳᠠᠷᠠᠭᠠᠬᠢ ᠣᠨᠴᠠᠯᠢᠭ ᠲᠠᠢ ᠄        ᠤᠭᠤᠷᠠᠭ ᠢᠶᠠᠷ ᠬᠤᠭᠤᠯᠠᠯᠠᠬᠤ ᠄ ᠲᠥᠯᠯᠡᠭᠰᠡᠨ ᠤ ᠳᠠᠷᠠᠭ᠎ᠠ 1 ᠴᠠᠭ ᠤᠨ ᠳᠣᠲᠣᠷ᠎ᠠ ᠤᠭᠤᠷᠠᠭ ᠢ ᠠᠮᠰᠠᠭᠤᠯᠵᠤ ᠂ ᠡᠬᠢᠨ ᠤ 5 ᠬᠤᠨᠤᠭ ᠲᠤ 2-3 ᠴᠠᠭ ᠲᠤᠲᠤᠮ ᠳᠤ ᠬᠥᠬᠦᠭᠦᠯᠬᠦ ᠃       ᠭᠠᠷ ᠠᠷᠭ᠎ᠠ ᠪᠠᠷ ᠲᠡᠵᠢᠭᠡᠯ ᠥᠭᠬᠦ ᠄ ᠰᠦ ᠂ ᠲᠡᠵᠢᠭᠡᠯ ᠢ ᠠᠷᠢᠭᠤᠳᠬᠠᠵᠤ ᠂ ᠲᠣᠭᠲᠠᠮᠠᠯ ᠴᠠᠭ ᠲᠤ ᠂ ᠬᠡᠮᠵᠢᠶ᠎ᠡ ᠪᠠᠷ ᠥᠭᠬᠦ ᠃       ᠨᠣᠣᠰᠣᠨ ᠤ ᠪᠣᠬᠢᠷᠲᠤᠯ ᠠᠴᠠ ᠰᠡᠷᠭᠡᠶᠢᠯᠡᠬᠦ ᠄ ᠡᠬᠡ ᠶᠢᠨ ᠬᠥᠬᠦᠨ ᠤ ᠡᠷᠭᠢᠨ ᠲᠣᠭᠤᠷᠢᠨ ᠳᠤ ᠪᠠᠶᠢᠭ᠎ᠠ ᠨᠣᠣᠰᠣ ᠶᠢ ᠠᠪᠴᠤ ᠂ ᠴᠡᠪᠡᠷᠯᠡᠬᠦ ᠃       ᠬᠠᠯᠠᠭᠤᠨ ᠳᠤ ᠲᠡᠰᠪᠦᠷᠢᠲᠡᠢ ᠂ ᠳᠠᠷᠤᠯᠲᠠ ᠳᠤ ᠲᠡᠰᠪᠦᠷᠢᠲᠡᠢ ᠪᠠᠶᠢᠬᠤ ᠨᠥᠬᠦᠴᠡᠯ ᠢ ᠪᠦᠷᠢᠳᠦᠭᠦᠯᠬᠦ ᠄ ᠲᠥᠯᠯᠡᠭᠰᠡᠨ ᠤ ᠳᠠᠷᠠᠭ᠎ᠠ ᠬᠤᠨᠢᠨ ᠤ ᠬᠠᠰᠢᠶᠠᠨ ᠳᠤ ᠳᠤᠯᠠᠭᠠᠨ ᠤ ᠵᠣᠬᠢᠴᠠᠭᠤᠯᠤᠯᠲᠠ ᠬᠢᠵᠦ ᠂ ᠬᠠᠯᠳᠠᠪᠤᠷᠢᠲᠤ ᠡᠪᠡᠳᠴᠢᠨ ᠠᠴᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠬᠤ ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号