ᠡᠪᠦᠯ ᠤᠨ ᠤᠯᠠᠷᠢᠯ ᠳᠤ ᠬᠤᠨᠢ ᠂ ᠢᠮᠠᠭᠠᠨ ᠤ ᠮᠢᠬ᠎ᠠ ᠬᠡᠷᠡᠭᠯᠡᠬᠦ ᠨᠢ
ᠨᠡᠶᠢᠲᠡᠯᠡᠭᠰᠡᠨ ᠴᠠᠭ᠄
2024/11/29
        ᠬᠤᠨᠢᠨ ᠤ ᠮᠢᠬᠠᠨ ᠤ ᠠᠰᠢᠭ ᠲᠤᠰᠠ       ᠬᠤᠨᠢᠨ ᠤ ᠮᠢᠬ᠎ᠠ ᠨᠢ ᠳᠤᠯᠠᠭᠠᠨ ᠨᠥᠬᠦᠴᠡᠯ ᠢ ᠪᠦᠷᠢᠳᠦᠭᠦᠯᠵᠦ ᠂ ᠪᠡᠶ᠎ᠡ ᠶᠢ ᠴᠢᠭᠢᠷᠠᠭᠵᠢᠭᠤᠯᠬᠤ ᠂ ᠴᠢᠰᠤᠨ ᠤ ᠡᠷᠭᠢᠯᠲᠡ ᠶᠢ ᠰᠠᠶᠢᠵᠢᠷᠠᠭᠤᠯᠬᠤ ᠳᠤ ᠨᠥᠯᠥᠭᠡᠯᠡᠳᠡᠭ ᠃ ᠮᠢᠬᠠᠨ ᠤ ᠤᠭᠤᠷᠠᠭ ᠨᠢ ᠪᠡᠶ᠎ᠡ ᠳᠤ ᠠᠮᠠᠷᠬᠠᠨ ᠰᠢᠩᠭᠡᠳᠡᠭ ᠪᠥᠭᠡᠳ ᠲᠡᠮᠦᠷ ᠤᠨ ᠥᠨᠳᠥᠷ ᠠᠭᠤᠯᠤᠮᠵᠢ ᠲᠠᠢ ᠲᠤᠯᠠ ᠴᠢᠰᠤ ᠪᠠᠭᠠᠳᠠᠯᠲᠠ ᠶᠢ ᠪᠠᠭᠠᠰᠬᠠᠬᠤ ᠳᠤ ᠲᠤᠰᠠᠲᠠᠢ ᠃       ᠬᠤᠭᠤᠯᠠ ᠪᠡᠯᠡᠳᠬᠡᠬᠦ ᠵᠥᠪᠯᠡᠮᠵᠢ       ᠬᠤᠨᠢᠨ ᠤ ᠮᠢᠬ᠎ᠠ ᠶᠢ ᠴᠢᠨᠠᠬᠤ ᠂ ᠵᠢᠩᠨᠡᠬᠦ ᠂ ᠰᠢᠷᠠᠬᠤ ᠂ ᠪᠤᠴᠠᠯᠭᠠᠬᠤ ᠵᠡᠷᠭᠡ ᠣᠯᠠᠨ ᠠᠷᠭ᠎ᠠ ᠪᠠᠷ ᠪᠡᠯᠡᠳᠬᠡᠵᠦ ᠪᠣᠯᠣᠨ᠎ᠠ ᠃ ᠰᠢᠷᠠᠭᠰᠠᠨ ᠮᠢᠬ᠎ᠠ ᠠᠴᠠ ᠢᠯᠡᠭᠦᠦ ᠲᠠᠢ ᠪᠠᠷ ᠴᠢᠨᠠᠵᠤ ᠡᠰᠡᠪᠡᠯ ᠪᠤᠴᠠᠯᠭᠠᠭᠰᠠᠨ ᠮᠢᠬ᠎ᠠ ᠶᠢ ᠬᠡᠷᠡᠭᠯᠡᠬᠦ ᠨᠢ ᠡᠷᠡᠭᠦᠯ ᠮᠡᠨᠳᠦ ᠳᠤ ᠢᠯᠡᠭᠦᠦ ᠲᠣᠬᠢᠷᠠᠮᠵᠢᠲᠠᠢ ᠃       ᠠᠩᠬᠠᠷᠬᠤ ᠵᠦᠢᠯᠡᠰ       ᠰᠢᠷᠠᠭᠰᠠᠨ ᠮᠢᠬ᠎ᠠ ᠂ ᠰᠢᠷᠠᠭᠰᠠᠨ ᠬᠤᠭᠤᠯᠠᠨ ᠤ ᠬᠡᠷᠡᠭᠯᠡᠭᠡ ᠶᠢ ᠪᠠᠭᠠᠰᠬᠠᠬᠤ ᠃       ᠬᠤᠨᠢᠨ ᠤ ᠮᠢᠬᠠᠨ ᠤ ᠳᠣᠲᠤᠷ ᠡᠷᠬᠡᠲᠡᠨ ᠨᠦᠭᠦᠳ ᠢ ︵ᠲᠠᠷᠢᠬᠢ ᠂ ᠭᠡᠳᠡᠰᠦ ᠂ ᠳᠣᠲᠣᠷ᠎ᠠ ᠮᠢᠬ᠎ᠠ ︶ ᠶᠡᠭᠡ ᠪᠠᠷ ᠬᠡᠷᠡᠭᠯᠡᠬᠦ ᠠᠴᠠ ᠵᠠᠶᠢᠯᠠᠰᠬᠢᠬᠦ ᠃       ᠬᠦᠢᠲᠡᠨ ᠤ ᠤᠯᠠᠷᠢᠯ ᠳᠤ ᠬᠤᠨᠢᠨ ᠤ ᠮᠢᠬ᠎ᠠ ᠲᠠᠢ ᠱᠥᠯᠥ ᠡᠰᠡᠪᠡᠯ ᠴᠢᠨᠠᠭᠰᠠᠨ ᠮᠢᠬ᠎ᠠ ᠢᠳᠡᠬᠦ ᠨᠢ ᠪᠡᠶ᠎ᠡ ᠶᠢ ᠳᠤᠯᠠᠭᠠᠴᠠᠭᠤᠯᠵᠤ ᠂ ᠡᠷᠴᠢ ᠬᠦᠴᠦ ᠨᠡᠮᠡᠭᠳᠡᠭᠦᠯᠳᠡᠭ ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号