ᠢᠮᠠᠭᠠᠨ ᠤ ᠰᠦ ᠪᠣᠯ ᠪᠠᠶᠢᠭᠠᠯᠢ ᠶᠢᠨ ᠭᠠᠶᠢᠬᠠᠮᠰᠢᠭ
ᠨᠡᠶᠢᠲᠡᠯᠡᠭᠰᠡᠨ ᠴᠠᠭ᠄
2024/11/29
            ᠡᠬᠢ ᠰᠤᠷᠪᠤᠯᠵᠢ ᠄   ᠬᠤᠳᠠᠯᠳᠤᠭᠠᠨ ᠤ ᠰᠦᠯᠵᠢᠶ᠎ᠡ       ᠰᠢᠨᠵᠢᠭᠡᠴᠢᠳ ᠤᠨ ᠦᠵᠡᠵᠦ ᠪᠤᠢ ᠪᠠᠷ ᠂ ᠢᠮᠠᠭᠠᠨ ᠤ ᠰᠦ ᠨᠢ ᠰᠢᠮ᠎ᠡ ᠲᠡᠵᠢᠭᠡᠯ ᠢᠶᠠᠷ ᠪᠠᠶᠠᠯᠢᠭ ᠪᠥᠭᠡᠳ ᠬᠥᠮᠥᠨ ᠤ ᠡᠬᠡ ᠶᠢᠨ ᠰᠦ ᠲᠠᠢ ᠮᠠᠰᠢ ᠲᠥᠰᠲᠡᠢ ᠪᠦᠲᠦᠴᠡ ᠲᠠᠢ ᠲᠤᠯᠠ ᠠᠮᠠᠷᠬᠠᠨ ᠰᠢᠩᠭᠡᠵᠦ ᠂ ᠡᠷᠡᠭᠦᠯ ᠮᠡᠨᠳᠦ ᠳᠤ ᠶᠡᠬᠡᠬᠡᠨ ᠲᠤᠰᠠᠲᠠᠢ ᠃       ᠢᠮᠠᠭᠠᠨ ᠤ ᠰᠦ ᠨᠢ ᠡᠬᠡ ᠶᠢᠨ ᠰᠦ ᠲᠠᠢ ᠠᠳᠠᠯᠢᠬᠠᠨ       ᠢᠮᠠᠭᠠᠨ ᠤ ᠰᠦ ᠨᠢ ᠤᠭᠤᠷᠠᠭ ᠤᠨ ᠠᠭᠤᠯᠤᠮᠵᠢ ᠪᠠᠷ ᠪᠠᠶᠠᠯᠢᠭ ᠪᠥᠭᠡᠳ ᠥᠭᠡᠬᠦ ᠲᠣᠰᠣᠨ ᠤ ᠡᠰ ᠤᠨ ᠬᠡᠮᠵᠢᠶ᠎ᠡ ᠨᠢ ᠵᠢᠵᠢᠭ ᠲᠤᠯᠠ ᠪᠡᠶ᠎ᠡ ᠳᠤ ᠠᠮᠠᠷᠬᠠᠨ ᠰᠢᠩᠭᠡᠳᠡᠭ ᠃       ᠬᠡᠦᠬᠡᠳ ᠤᠨ ᠥᠰᠦᠯᠲᠡ ᠬᠥᠭᠵᠢᠯ ᠳᠤ ᠣᠨᠴᠠᠭᠠᠢ ᠲᠤᠰᠠᠲᠠᠢ ᠃       ᠡᠳ᠋ ᠤᠨ ᠵᠠᠰᠠᠭ ᠤᠨ ᠠᠴᠢ ᠬᠤᠯᠪᠣᠭᠳᠠᠯ       ᠢᠮᠠᠭᠠᠨ ᠤ ᠰᠦ ᠦᠢᠯᠡᠳᠪᠦᠷᠢᠯᠡᠯ ᠨᠢ ᠤᠰᠤ ᠂ ᠬᠦᠨᠡᠰᠦᠨ ᠤ ᠨᠥᠭᠡᠴᠡ ᠶᠢ ᠬᠡᠮᠨᠡᠵᠦ ᠂ ᠪᠠᠶᠢᠭᠠᠯᠢ ᠳᠤ ᠡᠭᠡᠯᠢᠲᠡᠢ ᠲᠤᠯᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠲᠣᠮᠣᠬᠠᠨ ᠬᠤᠪᠢ ᠨᠡᠮᠡᠷᠢ ᠣᠷᠣᠭᠤᠯᠳᠠᠭ ᠃       ᠰᠢᠨᠵᠢᠭᠡᠴᠢᠳ ᠤᠨ ᠳ᠋ᠦᠩᠨᠡᠯᠲᠡ ᠪᠠᠷ ᠂ ᠢᠮᠠᠭᠠᠨ ᠤ ᠰᠦ ᠪᠣᠯ ᠪᠠᠶᠢᠭᠠᠯᠢ ᠶᠢᠨ ᠲᠡᠩᠴᠡᠪᠦᠷᠢ ᠲᠠᠢ ᠂ ᠬᠥᠮᠥᠨ ᠤ ᠪᠡᠶ᠎ᠡ ᠳᠤ ᠲᠣᠬᠢᠷᠠᠭᠰᠠᠨ ᠰᠢᠯᠢᠳᠡᠭ ᠪᠦᠲᠦᠭᠡᠭᠳᠡᠬᠦᠨ ᠪᠥᠭᠡᠳ ᠢᠷᠡᠭᠡᠳᠦᠢ ᠳᠤ ᠳᠡᠯᠡᠬᠡᠢ ᠳᠠᠶᠠᠭᠠᠷ ᠬᠡᠷᠡᠭᠯᠡᠭᠡᠨ ᠤ ᠲᠦᠪᠰᠢᠨ ᠳᠤ ᠬᠦᠴᠦ ᠲᠦᠷᠢᠨ ᠣᠷᠣᠵᠤ ᠢᠷᠡᠬᠦ ᠪᠣᠯᠣᠨ᠎ᠠ ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号