ᠥᠪᠥᠷ ᠮᠣᠩᠭᠤᠯ ᠤᠨ ᠪᠤᠭᠤᠲᠤ ᠬᠤᠲᠠ ᠳᠤ ︽ᠲᠠᠯ᠎ᠠ ᠶᠢᠨ ᠭᠤᠪᠢ ᠶᠢᠨ ᠬᠤᠨᠢ ︾ ᠡᠭᠦᠯᠳᠡᠷ ᠢ ᠰᠣᠩᠭᠤᠨ ᠦᠷᠡᠵᠢᠭᠦᠯᠬᠦ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2024/11/29
          ᠡᠬᠢ ᠰᠤᠷᠪᠤᠯᠵᠢ ᠄ ᠪᠤᠭᠤᠲᠤ ᠡᠳᠦᠷ ᠤᠨ ᠰᠣᠨᠢᠨ       ᠥᠪᠥᠷ ᠮᠣᠩᠭᠤᠯ ᠤᠨ ᠪᠤᠭᠤᠲᠤ ᠬᠤᠲᠠ ︽ 13 ᠳ᠋ᠤᠭᠠᠷ ᠲᠠᠪᠤᠨ ᠵᠢᠯ ᠤᠨ ᠲᠥᠯᠥᠪᠯᠡᠭᠡ ︾ ᠤ ᠬᠦᠷᠢᠶᠡᠨ ᠳᠤ ᠮᠢᠬᠠᠨ ᠤ ᠰᠢᠨ᠎ᠡ ᠡᠭᠦᠯᠳᠡᠷ ᠪᠣᠯᠬᠤ ︽ᠲᠠᠯ᠎ᠠ ᠶᠢᠨ ᠭᠤᠪᠢ ᠶᠢᠨ ᠬᠤᠨᠢ ︾ ᠢ ᠰᠣᠩᠭᠤᠨ ᠦᠷᠡᠵᠢᠭᠦᠯᠬᠦ ᠠᠵᠢᠯ ᠢ ᠡᠬᠢᠯᠡᠭᠦᠯᠵᠦ ᠂ ᠮᠢᠬᠠᠨ ᠤ ᠴᠢᠭᠯᠡᠯ ᠤᠨ ᠬᠤᠨᠢ ᠦᠷᠡᠵᠢᠭᠦᠯᠭᠡ ᠶᠢᠨ ᠰᠠᠯᠪᠤᠷᠢ ᠶᠢᠨ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠵᠣᠷᠢᠵᠤ ᠪᠠᠶᠢᠨ᠎ᠠ ᠃ ᠤᠭ ᠲᠥᠰᠥᠯ ᠢ 2016 ᠣᠨ ᠳᠤ ᠡᠬᠢᠯᠡᠭᠦᠯᠵᠦ ᠂ ᠳᠠᠷᠬᠠᠨ ᠮᠤᠤᠮᠢᠩᠭᠠᠨ ᠬᠤᠰᠢᠭᠤ ᠶᠢ ᠭᠤᠣᠯ ᠪᠦᠰᠡ ᠪᠣᠯᠭᠠᠨ ᠂ ᠣᠶᠢᠷᠠᠯᠴᠠᠭᠠᠬᠢ ᠬᠤᠰᠢᠭᠤᠳ ᠢ ᠬᠠᠮᠤᠷᠤᠭᠤᠯᠬᠤ ᠪᠠᠷ ᠲᠥᠯᠥᠪᠯᠡᠵᠡᠢ ᠃       ᠪᠤᠭᠤᠲᠤ ᠬᠤᠲᠠ ᠶᠢᠨ ᠬᠤᠨᠢ ᠦᠷᠡᠵᠢᠭᠦᠯᠭᠡ ᠶᠢᠨ ᠰᠠᠯᠪᠤᠷᠢ ᠶᠢᠨ ᠬᠥᠭᠵᠢᠯ       ᠰᠡᠭᠦᠯ ᠤᠨ ᠵᠢᠯ ᠤᠳ ᠲᠤ ᠪᠤᠭᠤᠲᠤ ᠬᠤᠲᠠ ︽ᠰᠦ ᠪᠠ ᠮᠢᠬ᠎ᠠ ᠬᠤᠣᠰᠯᠠᠨ ᠬᠥᠭᠵᠢᠭᠦᠯᠬᠦ ︾ ᠰᠳ᠋ᠷᠠᠲ᠋ᠧᠭᠢ ᠶᠢ ᠠᠮᠵᠢᠯᠲᠠᠲᠠᠢ ᠬᠡᠷᠡᠭᠵᠢᠭᠦᠯᠦᠭᠰᠡᠨ ᠢᠶᠠᠷ ᠮᠢᠬᠠᠨ ᠤ ᠴᠢᠭᠯᠡᠯ ᠤᠨ ᠬᠤᠨᠢ ᠦᠷᠡᠵᠢᠭᠦᠯᠭᠡ ᠶᠢᠨ ᠰᠠᠯᠪᠤᠷᠢ ᠬᠤᠷᠳᠤᠴᠠ ᠲᠠᠢ ᠬᠥᠭᠵᠢᠭᠰᠡᠨ ᠃ 2015 ᠣᠨ ᠤ ᠡᠴᠦᠰ ᠤᠨ ᠪᠠᠶᠢᠳᠠᠯ ᠢᠶᠠᠷ ᠬᠤᠲᠠ ᠶᠢᠨ ᠬᠡᠮᠵᠢᠶᠡᠨ ᠳᠤ ᠨᠡᠶᠢᠲᠡ 4.5 ᠲᠦᠮᠡᠨ ᠬᠤᠨᠢ ᠪᠤᠢ ᠪᠣᠯᠵᠤ ᠂ 6.4 ᠲᠦᠮᠡᠨ ᠬᠤᠨᠢ ᠵᠠᠬ᠎ᠠ ᠵᠡᠭᠡᠯᠢ ᠳᠤ ᠨᠡᠶᠢᠯᠡᠭᠦᠯᠦᠭᠳᠡᠭᠰᠡᠨ ᠨᠢ ᠡᠮᠦᠨᠡᠬᠢ ᠣᠨ ᠤ ᠮᠥᠨ ᠦᠶ᠎ᠡ ᠲᠠᠢ ᠬᠠᠷᠢᠴᠠᠭᠤᠯᠬᠤ ᠳᠤ 8.7% ᠪᠣᠯᠣᠨ 7.4% — ᠪᠠᠷ ᠥᠰᠦᠭᠰᠡᠨ ᠦᠵᠡᠭᠦᠯᠦᠯᠲᠡ ᠶᠤᠮ ᠃       ᠲᠠᠯ᠎ᠠ ᠶᠢᠨ ᠭᠤᠪᠢ ᠶᠢᠨ ᠬᠤᠨᠢ ᠶᠢ ᠦᠷᠡᠵᠢᠭᠦᠯᠬᠦ ᠠᠵᠢᠯ ᠤᠨ ᠠᠴᠢ ᠬᠤᠯᠪᠣᠭᠳᠠᠯ       ᠪᠤᠭᠤᠲᠤ ᠬᠤᠲᠠ ᠶᠢᠨ ᠬᠥᠳᠡᠭᠡ ᠠᠵᠤ ᠠᠬᠤᠢ ᠂ ᠮᠠᠯ ᠠᠵᠤ ᠠᠬᠤᠢ ᠶᠢᠨ ᠲᠣᠪᠴᠢᠶᠠᠨ ᠠᠴᠠ ᠬᠤᠷᠠᠯ ᠵᠣᠬᠢᠶᠠᠨ ᠪᠠᠶᠢᠭᠤᠯᠵᠤ ᠂ ᠲᠠᠯ᠎ᠠ ᠶᠢᠨ ᠭᠤᠪᠢ ᠶᠢᠨ ᠬᠤᠨᠢ ᠶᠢ ᠦᠷᠡᠵᠢᠭᠦᠯᠬᠦ ᠠᠵᠢᠯ ᠤᠨ ᠵᠣᠷᠢᠯᠭ᠎ᠠ ᠂ ᠠᠴᠢ ᠬᠤᠯᠪᠣᠭᠳᠠᠯ ᠢ ᠬᠡᠯᠡᠯᠴᠡᠭᠰᠡᠨ ᠃ ᠡᠨᠡ ᠬᠦ ᠡᠭᠦᠯᠳᠡᠷ ᠢ ᠰᠣᠩᠭᠤᠨ ᠦᠷᠡᠵᠢᠭᠦᠯᠬᠦ ᠨᠢ ᠳᠠᠷᠠᠭᠠᠬᠢ ᠳᠠᠪᠠᠭᠤ ᠲᠠᠯ᠎ᠠ ᠨᠤᠭᠤᠳ ᠢ ᠪᠤᠢ ᠪᠣᠯᠭᠠᠨ᠎ᠠ ᠄        ᠮᠢᠬᠠᠨ ᠤ ᠭᠠᠷᠴᠠ ᠶᠢ ᠨᠡᠮᠡᠭᠳᠡᠭᠦᠯᠬᠦ ᠄ ᠲᠤᠰ ᠡᠭᠦᠯᠳᠡᠷ ᠨᠢ ᠣᠳᠣ ᠶᠢᠨ ᠭᠤᠪᠢ ᠶᠢᠨ ᠬᠤᠨᠢᠨ ᠤ ᠥᠭᠡᠬᠦᠨ ᠰᠡᠭᠦᠯ ᠤᠨ ᠳᠤᠲᠠᠭᠳᠠᠯ ᠢ ᠵᠠᠰᠠᠵᠤ ᠂ ᠮᠢᠬᠠᠨ ᠤ ᠴᠢᠨᠠᠷ ᠂ ᠦᠢᠯᠡᠳᠪᠦᠷᠢᠯᠡᠯ ᠢ ᠨᠡᠮᠡᠭᠳᠡᠭᠦᠯᠦᠨ᠎ᠡ ᠃       ᠰᠢᠨ᠎ᠡ ᠵᠠᠬ᠎ᠠ ᠵᠡᠭᠡᠯᠢ ᠨᠡᠭᠡᠭᠡᠬᠦ ᠄ ᠲᠤᠰ ᠡᠭᠦᠯᠳᠡᠷ ᠨᠢ ᠥᠨᠳᠥᠷ ᠴᠢᠨᠠᠷᠲᠠᠢ ᠮᠢᠬ᠎ᠠ ᠦᠢᠯᠡᠳᠪᠦᠷᠢᠯᠡᠬᠦ ᠳᠤ ᠴᠢᠭᠯᠡᠨ᠎ᠡ ᠃       ᠨᠡᠷ᠎ᠡ ᠳᠡᠮᠳᠡᠭ ᠬᠠᠮᠠᠭᠠᠯᠠᠯᠲᠠ ᠶᠢ ᠰᠠᠶᠢᠵᠢᠷᠠᠭᠤᠯᠬᠤ ᠄ ᠥᠨᠥᠳᠥᠷ ᠥᠪᠥᠷ ᠮᠣᠩᠭᠤᠯ ᠤᠨ ︽ᠲᠠᠯ᠎ᠠ ᠶᠢᠨ ᠬᠤᠨᠢ ︾ ᠤ ᠨᠡᠷ᠎ᠡ ᠳᠡᠮᠳᠡᠭ ᠳᠣᠲᠣᠭᠠᠳᠤ ᠂ ᠭᠠᠳᠠᠭᠠᠳᠤ ᠶᠢᠨ ᠵᠠᠬ᠎ᠠ ᠵᠡᠭᠡᠯᠢ ᠳᠤ ᠲᠠᠨᠢᠭᠳᠠᠭᠰᠠᠨ ᠴᠤ ᠪᠠᠷᠢᠮᠵᠢᠶ᠎ᠠ ᠳᠤ ᠨᠡᠶᠢᠴᠡᠭᠰᠡᠨ ᠨᠢᠭᠡᠳᠦᠭᠰᠡᠨ ᠨᠡᠷ᠎ᠡ ᠳᠡᠮᠳᠡᠭ ᠪᠠᠶᠢᠬᠤ ᠦᠭᠡᠢ ᠂ ᠡᠭᠦᠨ ᠤ ᠤᠯᠠᠮ ᠠᠴᠠ ᠬᠠᠭᠤᠷᠮᠠᠴᠢ ᠪᠦᠲᠦᠭᠡᠭᠳᠡᠬᠦᠨ ᠂ ᠴᠢᠨᠠᠷ ᠤᠨ ᠵᠥᠷᠢᠴᠡᠯ ᠶᠡᠭᠡ ᠪᠠᠶᠢᠨ᠎ᠠ ᠃       ᠳᠠᠷᠬᠠᠨ ᠮᠤᠤᠮᠢᠩᠭᠠᠨ ᠬᠤᠰᠢᠭᠤ ᠳᠠᠬᠢ ᠰᠤᠳᠤᠯᠭ᠎ᠠ ᠂ ᠦᠢᠯᠡᠳᠪᠦᠷᠢᠯᠡᠯ ᠤᠨ ᠠᠵᠢᠯ       ᠣᠳᠣ ᠪᠠᠷ ᠤᠭ ᠲᠥᠰᠥᠯ ᠢ ᠬᠠᠷᠢᠭᠤᠴᠠᠨ ᠠᠵᠢᠯᠯᠠᠵᠤ ᠪᠤᠢ ᠥᠪᠥᠷ ᠮᠣᠩᠭᠤᠯ ᠤᠨ ᠮᠧᠩ ᠶᠤᠸᠠᠨ ᠮᠢᠬᠠᠨ ᠤ ᠬᠤᠨᠢ ᠦᠷᠡᠵᠢᠭᠦᠯᠭᠡ ᠶᠢᠨ ᠪᠥᠯᠥᠭᠯᠡᠯ ᠨᠢ ᠳᠠᠷᠠᠭᠠᠬᠢ ᠠᠵᠢᠯ ᠤᠳ ᠢ ᠡᠬᠢᠯᠡᠭᠦᠯᠦᠭᠰᠡᠨ ᠄        10 ᠦᠨᠳᠦᠰᠦᠨ ᠦᠷᠡᠵᠢᠯ ᠤᠨ ᠪᠦᠯᠦᠭ ᠪᠠᠶᠢᠭᠤᠯᠬᠤ ᠄ ᠨᠡᠶᠢᠲᠡ 4000 ᠭᠤᠪᠢ ᠶᠢᠨ ᠬᠤᠨᠢ ᠶᠢ ᠰᠤᠳᠤᠯᠭᠠᠨ ᠳᠤ ᠬᠠᠮᠤᠷᠤᠭᠤᠯᠤᠭᠰᠠᠨ ᠃       3 ᠰᠤᠮᠤ ᠶᠢᠨ ᠬᠡᠮᠵᠢᠶᠡᠨ ᠳᠤ ᠦᠷᠡᠵᠢᠯ ᠤᠨ ᠲᠠᠯᠠᠪᠠᠢ ᠪᠠᠶᠢᠭᠤᠯᠤᠭᠰᠠᠨ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号