ᠬᠦᠢᠲᠡᠨ ᠢ ᠳᠠᠪᠠᠨ ᠲᠤᠭᠤᠯᠬᠤ ᠂ ᠪᠡᠶ᠎ᠡ ᠮᠠᠬᠠᠪᠤᠳ ᠢ ᠰᠡᠷᠭᠦᠭᠡᠬᠦ ᠳᠤ ᠬᠤᠨᠢ ᠂ ᠢᠮᠠᠭᠠᠨ ᠤ ᠮᠢᠬ᠎ᠠ ᠣᠨᠴᠠᠭᠠᠢ ᠠᠴᠢ ᠲᠤᠰᠠᠲᠠᠢ
ᠨᠡᠶᠢᠲᠡᠯᠡᠭᠰᠡᠨ ᠴᠠᠭ᠄
2024/11/29
        ᠡᠬᠢ ᠰᠤᠷᠪᠤᠯᠵᠢ ᠄ ᠰᠢᠨ᠎ᠡ ᠰᠣᠶᠣᠯ ᠰᠦᠯᠵᠢᠶ᠎ᠡ       ᠬᠤᠨᠢᠨ ᠤ ᠮᠢᠬ᠎ᠠ ᠄ ᠡᠪᠦᠯ ᠲᠣᠭᠲᠠᠮᠠᠯ ᠬᠤᠨᠢᠨ ᠤ ᠮᠢᠬ᠎ᠠ ᠢᠳᠡᠬᠦ ᠨᠢ ᠬᠥᠮᠥᠨ ᠤ ᠪᠡᠶ᠎ᠡ ᠶᠢᠨ ᠳᠤᠯᠠᠭᠠᠨ ᠢ ᠨᠡᠮᠡᠭᠳᠡᠭᠦᠯᠵᠦ ᠂ ᠬᠦᠢᠲᠡᠨ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠳᠡᠭ ᠃ ᠮᠦᠨ ᠬᠤᠭᠤᠯᠠ ᠪᠣᠯᠪᠠᠰᠤᠷᠠᠭᠤᠯᠬᠤ ᠹᠧᠷᠮᠧᠨ᠋ᠲ ᠢ ᠢᠳᠡᠪᠬᠢᠵᠢᠭᠦᠯᠵᠦ ᠂ ᠬᠤᠳᠣᠭᠤᠳᠤᠨ ᠤ ᠰᠠᠯᠢᠰᠤᠲᠤ ᠶᠢ ᠬᠠᠮᠠᠭᠠᠯᠠᠨ ᠂ ᠭᠡᠳᠡᠰᠦᠨ ᠤ ᠦᠢᠯᠡ ᠠᠵᠢᠯᠯᠠᠭ᠎ᠠ ᠶᠢ ᠰᠠᠶᠢᠵᠢᠷᠠᠭᠤᠯᠳᠠᠭ ᠃ ᠡᠭᠦᠨ ᠤ ᠦᠷ᠎ᠡ ᠳ᠋ᠦᠩ ᠳᠤ ᠬᠥᠭᠰᠢᠷᠡᠯᠲᠡ ᠶᠢᠨ ᠡᠰᠡᠷᠭᠦ ᠦᠢᠯᠡᠳᠦᠯ ᠦᠵᠡᠭᠦᠯᠦᠨ᠎ᠡ ᠃       ᠦᠬᠡᠷ ᠤᠨ ᠮᠢᠬ᠎ᠠ ᠄ ᠦᠬᠡᠷ ᠤᠨ ᠮᠢᠬ᠎ᠠ ᠶᠢ ᠡᠪᠦᠯ ᠢᠳᠡᠬᠦ ᠳᠤ ᠬᠤᠳᠣᠭᠤᠳᠤ ᠶᠢ ᠳᠤᠯᠠᠭᠠᠴᠠᠭᠤᠯᠵᠤ ᠂ ᠲᠡᠵᠢᠭᠡᠯ ᠥᠭᠭᠦᠨ᠎ᠡ ᠃ ᠦᠬᠡᠷ ᠤᠨ ᠮᠢᠬᠠᠨ ᠳᠤ ᠬᠠᠩᠭᠠᠯᠲᠠ ᠲᠠᠢ ᠬᠡᠮᠵᠢᠶᠡᠨ ᠤ В 6 ᠸᠢᠲ᠋ᠠᠮᠢᠨ ᠠᠭᠤᠯᠤᠭᠳᠠᠳᠠᠭ ᠪᠥᠭᠡᠳ ᠳᠠᠷᠬᠠᠯᠠᠭ᠎ᠠ ᠶᠢ ᠳᠡᠮᠵᠢᠵᠦ ᠂ ᠤᠭᠤᠷᠠᠭ ᠨᠡᠶᠢᠯᠡᠭᠵᠢᠯᠲᠡ ᠶᠢ ᠲᠦᠷᠭᠡᠰᠬᠡᠨ᠎ᠡ ᠃ ᠦᠬᠡᠷ ᠤᠨ ᠮᠢᠬᠠᠨ ᠤ ᠥᠭᠡᠬᠦ ᠲᠣᠰᠣ ᠪᠠᠭ᠎ᠠ ᠲᠠᠢ ᠪᠥᠭᠡᠳ ᠡᠮᠡᠭᠲᠡᠶᠢᠴᠦᠳ ᠤᠨ ᠭᠤᠸ᠎ᠠ ᠰᠠᠶᠢᠬᠠᠨ ᠂ ᠬᠥᠭᠰᠢᠷᠡᠯᠲᠡ ᠶᠢᠨ ᠡᠰᠡᠷᠭᠦ ᠨᠥᠯᠥᠭᠡ ᠦᠵᠡᠭᠦᠯᠳᠡᠭ ᠬᠦᠴᠢᠯ ᠶᠡᠭᠡ ᠪᠠᠷ ᠠᠭᠤᠯᠳᠠᠭ ᠃       ᠠᠮᠲᠠᠲᠤ ᠲᠥᠮᠥᠰᠥ ᠄ ᠠᠮᠲᠠᠲᠤ ᠲᠥᠮᠥᠰᠥ ᠨᠢ ᠳᠡᠯᠢᠭᠦᠦ ᠂ ᠪᠥᠭᠡᠷᠡᠨ ᠤ ᠦᠢᠯᠡ ᠠᠵᠢᠯᠯᠠᠭ᠎ᠠ ᠶᠢ ᠳᠡᠮᠵᠢᠵᠦ ᠂ ᠰᠠᠯᠬᠢᠨ ᠤ ᠬᠦᠢᠲᠡᠨ ᠢ ᠡᠰᠡᠷᠭᠦᠴᠡᠬᠦ ᠳᠤ ᠲᠤᠰᠠᠯᠠᠳᠠᠭ ᠃       ᠤᠯᠠᠯᠵᠢᠭᠠᠨ᠎ᠠ ᠄ ᠡᠳᠡᠭᠡᠷ ᠨᠢ ᠬᠥᠮᠥᠨ ᠤ ᠳᠠᠷᠬᠠᠯᠠᠭ᠎ᠠ ᠶᠢ ᠨᠡᠮᠡᠭᠳᠡᠭᠦᠯᠵᠦ ᠂ ᠡᠪᠦᠯ ᠤᠨ ᠲᠦᠭᠡᠮᠡᠯ ᠡᠪᠡᠳᠴᠢᠨ ᠠᠴᠠ ᠤᠷᠢᠳᠴᠢᠯᠠᠨ ᠰᠡᠷᠭᠡᠶᠢᠯᠡᠳᠡᠭ ᠃       ᠴᠢᠪᠠᠭ᠎ᠠ ᠄ ᠳᠡᠯᠢᠭᠦᠦ ᠂ ᠬᠤᠳᠣᠭᠤᠳᠤ ᠶᠢ ᠪᠠᠬᠢᠵᠢᠭᠦᠯᠵᠦ ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ ᠃ ᠡᠪᠦᠯ ᠤᠨ ᠤᠯᠠᠷᠢᠯ ᠳᠤ ᠴᠢᠪᠠᠭ᠎ᠠ ᠲᠣᠭᠲᠠᠮᠠᠯ ᠬᠡᠷᠡᠭᠯᠡᠬᠦ ᠨᠢ ᠪᠡᠶ᠎ᠡ ᠳᠤ ᠠᠰᠢᠭ ᠲᠠᠢ ᠃       ᠠᠨᠠᠷ ᠄ ᠨᠢᠶᠠᠩ ᠂ ᠸᠢᠷᠦ᠋ᠰ ᠤᠨ ᠡᠰᠡᠷᠭᠦ ᠦᠢᠯᠡᠴᠢᠯᠡᠭᠡ ᠲᠠᠢ ᠪᠥᠭᠡᠳ ᠠᠷᠠᠰᠤᠨ ᠤ ᠡᠪᠡᠳᠴᠢᠨ ᠠᠴᠠ ᠡᠬᠢᠯᠡᠭᠡᠳ ᠵᠠᠷᠢᠮ ᠲᠥᠷᠥᠯ ᠤᠨ ᠬᠠᠪᠤᠳᠠᠷ ᠡᠮᠴᠢᠯᠡᠬᠦ ᠳᠤ ᠦᠷ᠎ᠡ ᠳ᠋ᠦᠩ ᠲᠠᠢ ᠃ ᠵᠢᠷᠦᠬᠡ ᠶᠢ ᠬᠠᠮᠠᠭᠠᠯᠠᠵᠤ ᠂ ᠰᠤᠳᠠᠰᠤᠨ ᠤ ᠬᠠᠨ᠎ᠠ ᠵᠥᠭᠡᠯᠡᠷᠡᠭᠦᠯᠬᠦ ᠂ ᠴᠢᠰᠤ ᠲᠥᠯᠵᠢᠭᠦᠯᠬᠦ ᠦᠢᠯᠡᠴᠢᠯᠡᠭᠡ ᠦᠵᠡᠭᠦᠯᠳᠡᠭ ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号