ᠠᠯᠠᠱᠠ ᠵᠡᠭᠦᠨ ᠬᠤᠰᠢᠭᠤ᠄ 9366 ᠡᠷᠦᠬᠡ ᠪᠦᠬᠦᠨ ᠳᠤ ᠲᠠᠷᠬᠠᠭᠠᠵᠤ ᠣᠯᠠᠨ ᠲᠦᠮᠡᠨ ᠤ ᠰᠡᠳᠬᠢᠯ ᠢ ᠨᠠᠩ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/11/5
      ᠠᠭᠤᠷ ᠠᠮᠢᠰᠬᠤᠯ ᠬᠦᠢᠲᠡᠷᠡᠬᠦ ᠶᠢ ᠳᠠᠭᠠᠯᠳᠤᠨ᠂ ᠡᠪᠦᠯ ᠤᠨ ᠤᠯᠠᠷᠢᠯ ᠳᠤ ᠨᠡᠭᠦᠷᠡᠰᠦ ᠬᠤᠳᠠᠯᠳᠤᠨ ᠠᠪᠬᠤ ᠠᠰᠠᠭᠤᠳᠠᠯ ᠨᠢ ᠮᠠᠯᠴᠢᠨ ᠲᠠᠷᠢᠶᠠᠴᠢᠨ ᠤ ᠬᠠᠮᠤᠭ ᠤᠨ ︽ᠰᠡᠳᠭᠢᠯ ᠲᠠᠯᠪᠢᠬᠤ︾ ᠶᠠᠪᠤᠳᠠᠯ ᠪᠣᠯᠵᠠᠢ᠃ ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠨ ᠡᠷᠦᠬᠡ ᠪᠦᠷᠢ ᠶᠢᠨ ︽2 ᠲᠣᠨ ᠨᠡᠭᠦᠷᠡᠰᠦ︾᠎ ᠶᠢᠨ ᠪᠠᠲᠤᠯᠠᠭ᠎ᠠ ᠶᠢᠨ ᠠᠵᠢᠯ ᠢ ᠠᠬᠢᠭᠤᠯᠵᠤ᠂ ᠣᠯᠠᠨ ᠲᠦᠮᠡᠨ ᠤ ᠬᠦᠰᠡᠵᠤ ᠰᠠᠨᠠᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠪᠥᠬᠦ ᠬᠤᠰᠢᠭᠤᠨ ᠤ 2024 ᠣᠨ ᠤ ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠮᠠᠯᠵᠢᠬᠤ ᠲᠠᠷᠢᠶᠠᠯᠠᠬᠤ ᠡᠷᠦᠬᠡ ᠳᠤ ᠡᠷᠦᠬᠡ ᠪᠦᠷᠢ ᠳᠤ ︽2 ᠲᠣᠨ ᠨᠡᠭᠦᠷᠡᠰᠦ︾᠎ ᠶᠢᠨ ᠪᠠᠲᠤᠯᠠᠭ᠎ᠠ ᠶᠢᠨ ᠨᠥᠬᠦᠪᠥᠷᠢ ᠣᠯᠭᠤᠵᠤ᠂ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃
  ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠬᠦ᠋ᠳᠡᠭᠡ ᠭᠠᠴᠠᠭ᠎ᠠ ᠳᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢᠨ ᠨᠥᠬᠦᠪᠥᠷᠢ ᠣᠯᠭᠤᠬᠤ ᠶᠣᠰᠣᠯᠠᠯ ᠶᠠᠪᠤᠭᠤᠯᠵᠤ᠂ ᠮᠠᠯᠴᠢᠨ ᠲᠠᠷᠢᠶᠠᠴᠢᠨ ᠤ ᠲᠥᠯᠥᠭᠡᠯᠡᠭᠴᠢᠳ ᠲᠤ ᠡᠪᠦᠯ ᠤᠨ ᠤᠯᠠᠷᠢᠯ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢᠨ ᠨᠥᠬᠦᠪᠥᠷᠢ ᠣᠯᠭᠤᠪᠠ᠃
   ᠪᠠᠶᠠᠨᠬᠥ᠋ᠳᠡᠭᠡ ᠭᠠᠴᠠᠭᠠᠨ ᠤ ᠮᠠᠯᠴᠢᠨ ᠤᠳᠦᠨᠭᠡᠷᠡᠯ ᠰᠤᠷᠪᠤᠯᠵᠢᠯᠠᠭᠴᠢ ᠳᠤ᠂ ᠲᠡᠭᠦᠨ ᠤ ︽ᠪᠦᠬᠦᠨ ᠳᠤ ᠲᠣᠬᠢᠷᠠᠬᠤ ᠺᠠᠷᠲ︾᠎ ᠳᠤ 920 ᠲᠥᠭᠦᠷᠢᠭ ᠤᠨ ᠨᠡᠭᠦᠷᠡᠰᠦᠨ ᠤ ᠨᠥᠬᠦᠪᠥᠷᠢ ᠣᠷᠣᠵᠣ ᠢᠷᠡᠪᠡ᠂ ᠠᠭᠤᠷ ᠠᠮᠢᠰᠬᠤᠯ ᠬᠦᠢᠳᠡᠷᠡᠵᠤ ᠨᠡᠭᠦᠷᠡᠰᠦ ᠬᠤᠳᠠᠯᠳᠤᠨ ᠠᠪᠬᠤ ᠭᠡᠵᠦ ᠪᠠᠶᠢᠬᠤ ᠳᠤ ᠨᠡᠭᠦᠷᠡᠰᠦᠨ ᠤ ᠨᠥᠬᠦᠪᠥᠷᠢ ᠶᠢ ᠬᠦᠷᠭᠡᠵᠦ ᠢᠷᠡᠭᠰᠡᠨ ᠳᠤ ᠮᠠᠰᠢ ᠪᠠᠶᠠᠷᠯᠠᠵᠤ ᠪᠠᠶᠢᠨ᠎ᠠ᠂ ᠨᠢᠭᠡ ᠳᠤᠯᠠᠭᠠᠬᠠᠨ ᠡᠪᠦᠯᠵᠡᠬᠦ ᠶᠣᠮᠰᠠᠨ ᠭᠡᠯ᠎ᠡ᠃    ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠬᠦ᠋ᠳᠡᠭᠡ ᠭᠠᠴᠠᠭᠠᠨ ᠤ ᠮᠠᠯᠴᠢᠨ    ᠣᠳᠣᠨᠭᠡᠷᠡᠯ
  ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠪᠣᠯ ︽ᠳᠤᠯᠠᠭᠠᠯᠠᠯᠭ᠎ᠠ ᠶᠢᠨ ᠢᠨᠵᠧᠨᠧᠷᠢᠩ︾᠎ ᠢ ᠬᠡᠷᠡᠭᠵᠢᠭᠦᠯᠬᠦ ᠴᠢᠬᠤᠯᠠ ᠰᠠᠭᠤᠷᠢ ᠠᠵᠢᠯ ᠮᠥᠨ᠂ ᠲᠡᠷᠡ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ ᠲᠣᠭᠲᠠᠭᠤᠨ ᠡᠶ᠎ᠡ ᠵᠣᠬᠢᠴᠠᠯ ᠲᠠᠢ ᠬᠤᠯᠪᠣᠭᠳᠠᠵᠤ ᠪᠠᠶᠢᠳᠠᠭ᠃ 2021 ᠣᠨ ᠠᠴᠠ ᠡᠬᠢᠯᠡᠨ᠂ ᠠᠯᠠᠱᠠ ᠵᠡᠭᠦᠨ ᠬᠤᠰᠢᠭᠤ ᠡᠪᠦᠯ ᠤᠨ ᠤᠯᠠᠷᠢᠯ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠣᠯᠭᠤᠬᠤ ᠠᠵᠢᠯ ᠢ ᠦᠷᠭᠦᠯᠵᠢᠯᠡᠨ ᠠᠬᠢᠭᠤᠯᠵᠤ᠂ ᠡᠨᠡ ᠵᠢᠯ ᠠᠴᠠ᠂ ᠠᠯᠠᠱᠠ ᠵᠡᠭᠦᠨ ᠬᠤᠰᠢᠭᠤ ᠪᠡᠯᠡᠨ ᠵᠣᠭᠤᠰ ᠢᠶᠠᠷ ᠨᠥᠬᠦᠪᠥᠷᠢᠯᠡᠬᠦ ᠠᠷᠭ᠎ᠠ ᠬᠡᠯᠪᠡᠷᠢ ᠶᠢ ᠠᠪᠴᠤ᠂ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠭᠤᠯᠤᠨ ᠨᠢᠭᠡ ᠯᠡ ᠤᠳᠠᠭ᠎ᠠ ᠳᠤ ᠪᠦᠬᠦᠨ ᠢ ᠣᠯᠭᠤᠪᠡ᠃    ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ     ᠷᠧᠨ ᠬᠤᠶ ᠹᠧᠩ
   ᠡᠨᠡ ᠵᠢᠯ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢ ᠲᠣᠨ ᠪᠦᠷᠢ 460 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢᠯᠡᠵᠦ᠂ ᠡᠷᠦᠬᠡ ᠪᠦᠷᠢ ᠳᠤ 2 ᠲᠣᠨ ᠨᠡᠭᠦᠷᠡᠰᠦᠨ ᠤ ᠨᠥᠬᠦᠪᠥᠷᠢ ᠥᠭᠴᠦ᠂ ᠪᠥᠬᠦ ᠬᠤᠰᠢᠭᠤᠨ ᠤ 9366 ᠮᠠᠯᠵᠢᠬᠤ ᠲᠠᠷᠢᠶᠠᠯᠠᠬᠤ ᠡᠷᠦᠬᠡ ᠳᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢᠨ ᠨᠥᠬᠦᠪᠥᠷᠢ ᠮᠥᠩᠭᠦ 8616720 ᠲᠥᠭᠦᠷᠢᠭ ᠲᠠᠷᠬᠠᠭᠠᠵᠤ᠂ 9 ᠰᠠᠷ᠎ᠠ ᠶᠢᠨ 30᠎ ᠤ ᠡᠳᠦᠷ ᠪᠣᠯᠬᠤ ᠳᠤ ᠡᠷᠦᠬᠡ ᠪᠦᠷᠢ ᠳᠤ ᠲᠠᠷᠬᠠᠭᠠᠵᠤ ᠲᠠᠭᠤᠰᠬᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号