| ᠡᠨᠡ ᠵᠢᠯ ᠤᠨ ᠡᠬᠢ ᠪᠠᠷ᠂ ᠮᠠᠨ ᠤ ᠠᠶᠢᠮᠠᠭ 2024 ᠣᠨ ᠤ 24 ᠵᠦᠢᠯ ᠤᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠨᠡᠶᠢᠲᠡᠯᠡᠵᠦ᠂ ᠪᠠᠶᠠᠨᠬᠤᠲᠠ ᠪᠠᠯᠭᠠᠰᠤᠨ ᠤ ᠡᠶ᠎ᠡ ᠵᠣᠬᠢᠴᠠᠯᠲᠣ ᠵᠠᠮ ᠤᠨ | ᠵᠡᠭᠦᠨ ᠬᠡᠰᠡᠭ ᠤᠨ ᠮᠤᠬᠤᠷ ᠵᠠᠮ ᠢ ᠨᠡᠪᠲᠡᠷᠡᠭᠦᠯᠦᠭᠰᠡᠨ ᠨᠢ ᠡᠭᠦᠨ ᠤ ᠳᠣᠲᠣᠷᠠᠬᠢ ᠴᠢᠬᠤᠯᠠ ᠠᠭᠤᠯᠭ᠎ᠠ ᠶᠢᠨ ᠨᠢᠭᠡ | ᠪᠣᠯᠤᠨ᠎ᠠ᠃ | | | | | | | ᠣᠶᠢᠯᠠᠭᠠᠭᠰᠠᠨ ᠢᠶᠠᠷ᠂ ᠡᠶ᠎ᠡ ᠵᠣᠬᠢᠴᠠᠯᠲᠣ ᠵᠠᠮ ᠤᠨ ᠵᠡᠭᠦᠨ ᠬᠡᠰᠡᠭ ᠤᠨ ᠵᠠᠮ ᠤᠨ ᠪᠠᠷᠢᠯᠭ᠎ᠠ ᠨᠢ 8 ᠰᠠᠷ᠎ᠠ ᠶᠢᠨ | 7 ᠤ ᠡᠳᠦᠷ ᠠᠴᠠ ᠠᠵᠢᠯ ᠢᠶᠠᠨ ᠡᠬᠢᠯᠡᠭᠦᠯᠦᠨ᠂ ᠲᠣᠰ ᠵᠠᠮ ᠨᠢ ᠵᠡᠭᠦᠨ ᠠᠴᠠ ᠠᠨ ᠳ᠋ᠧ ᠵᠡᠭᠡᠯᠢ᠂ ᠪᠠᠷᠠᠭᠤᠨᠰᠢ ᠪᠠᠨ | ᠬᠤᠯᠠᠨ ᠤ ᠵᠠᠮ ᠬᠦᠷᠳᠡᠯ᠎ᠡ ᠵᠠᠰᠠᠵᠤ ᠂ ᠵᠠᠮ ᠤᠨ ᠣᠷᠳᠣ ᠨᠢ 470 ᠮᠧᠲᠷ᠂ ᠦᠷᠭᠡᠨ ᠨᠢ 30 ᠮᠧᠲᠷ ᠪᠠᠶᠢᠵᠤ᠂ | ᠡᠭᠦᠨ ᠳᠤ ᠲᠡᠷᠭᠡᠨ ᠵᠠᠮ ᠤᠨ ᠥᠷᠭᠡᠨ ᠨᠢ 20 ᠮᠧᠲᠷ᠂ ᠬᠤᠶᠠᠷ ᠲᠠᠯ᠎ᠠ ᠶᠢᠨ ᠶᠠᠪᠠᠭᠠᠨ ᠬᠥᠮᠥᠨ ᠤ ᠵᠠᠮ ᠤᠨ | ᠥᠷᠭᠡᠨ ᠨᠢ ᠲᠣᠰ ᠪᠦᠷᠢ 5 ᠮᠧᠲᠷ᠃ | ᠲᠤᠰ ᠵᠠᠮ ᠤᠨ ᠪᠠᠷᠢᠯᠭ᠎ᠠ ᠶᠢᠨ ᠠᠵᠢᠯ ᠡᠴᠣᠰ ᠤᠨ ᠰᠢᠪᠲᠤᠷᠭᠠᠨ ᠳᠠᠭᠠᠨ ᠣᠷᠣᠬᠤ ᠶᠢ ᠳᠠᠭᠠᠯᠳᠤᠨ᠂ | ᠪᠠᠷᠢᠯᠭ᠎ᠠ ᠶᠢᠨ ᠠᠵᠢᠯ ᠨᠢ ᠮᠠᠰᠢ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠠᠶ᠃ ︽ᠮᠤᠬᠤᠷ ᠵᠠᠮ ᠢ | ᠨᠡᠪᠲᠡᠷᠡᠭᠦᠯᠬᠦ ᠪᠣᠯ ᠣᠯᠠᠨ ᠤ ᠬᠦᠰᠡᠵᠦ ᠪᠠᠶᠢᠭ᠎ᠠ ᠶᠠᠪᠤᠳᠠᠯ ᠮᠥᠨ᠂ ᠮᠠᠨ ᠤ ᠭᠡᠷ ᠽᠢ ᠶᠤᠸᠠᠨ ᠬᠤᠸᠠ ᠲᠢᠩ | ᠬᠤᠷᠢᠶᠠᠯᠠᠯ ᠳᠤ ᠰᠠᠭᠤᠵᠤ᠂ ᠦᠨᠳᠦᠰᠦᠨ ᠳᠡᠭᠡᠨ ᠡᠳᠦᠷ ᠪᠦᠷᠢ ᠡᠨᠡ ᠵᠠᠮ ᠤᠨ ᠪᠠᠷᠢᠯᠭ᠎ᠠ ᠶᠢᠨ ᠠᠬᠢᠴᠠ ᠶᠢ ᠢᠷᠡᠵᠦ | ᠦᠵᠡᠳᠡᠭ︾ ᠭᠡᠵᠤ ᠣᠶᠢᠷ᠎ᠠ ᠬᠠᠪᠢ ᠶᠢᠨ ᠰᠠᠭᠤᠭᠠᠯᠢ ᠠᠷᠠᠳ ᠵᠠᠩ ᠶᠠᠨ ᠳ᠋ᠧ ᠪᠠᠶᠠᠷᠯᠠᠨ ᠬᠡᠯᠡᠪᠡ᠃ | ᠲᠣᠰ ᠵᠠᠮ ᠤᠨ ᠬᠡᠰᠡᠭ ᠢ ᠨᠡᠪᠲᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠲᠣᠭᠤᠷᠢᠭ ᠤᠨ ᠵᠡᠭᠦᠨᠰᠢ ᠪᠠᠷᠠᠭᠤᠨᠰᠢ | ᠶᠠᠪᠤᠬᠤ ᠵᠠᠮ ᠤᠨ ᠲᠣᠤᠷ ᠤᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠨ ᠳ᠋ᠧ ᠵᠡᠭᠡᠯᠢ ᠶᠢ | ᠲᠣᠷᠭᠤᠳ ᠵᠠᠮ ᠲᠠᠢ ᠬᠤᠯᠪᠣᠵᠤ᠂ ᠬᠤᠲᠠ ᠶᠢᠨ ᠵᠡᠭᠦᠨᠰᠢ ᠪᠠᠷᠠᠭᠤᠨᠰᠢ ᠴᠢᠭᠯᠡᠯ ᠲᠠᠢ ᠳᠡᠳ᠋ ᠵᠠᠮ ᠨᠡᠮᠡᠵᠦ᠂ ᠳ᠋ᠦᠩ | ᠹᠠᠩ ᠷᠦᠢ ᠵᠢᠩ ᠬᠤᠷᠢᠶᠠᠯᠠᠯ᠂ ᠳ᠋ᠦᠩ ᠴᠧᠩ ᠭᠥᠸᠧ ᠵᠢᠢ ᠬᠤᠷᠢᠶᠠᠯᠠᠯ᠂ ᠽᠢ ᠶᠤᠸᠠᠨ ᠬᠤᠸᠠ ᠲᠢᠩ ᠬᠤᠷᠢᠶᠠᠯᠠᠯ᠂ | ᠴᠠᠩ ᠴᠧᠩ B ᠲᠣᠭᠤᠷᠢᠭ ᠵᠡᠷᠭᠡ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ | ᠰᠠᠭᠤᠬᠤ ᠳᠤ ᠲᠦᠢᠯ ᠤᠨ ᠶᠡᠭᠡ ᠲᠥᠬᠦᠮ ᠦᠵᠡᠭᠦᠯᠵᠦ᠂ ᠥᠭᠡᠯᠡᠳ ᠶᠡᠭᠡ ᠵᠡᠭᠡᠯᠢ ᠪᠣᠯᠣᠨ ᠬᠤᠶᠢᠲᠤ ᠲᠣᠭᠤᠷᠢᠯ | ᠵᠠᠮ ᠤᠨ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠬᠦ ᠪᠣᠯᠣᠨ᠎ᠠ᠃ ᠡᠭᠦᠨ ᠤ ᠬᠠᠮᠲᠤ᠂ ᠵᠠᠮ ᠤᠨ ᠬᠤᠶᠠᠷ | ᠬᠠᠵᠠᠭᠤ ᠶᠢᠨ ᠰᠤᠯᠠ ᠪᠠᠶᠢᠬᠤ ᠭᠠᠵᠠᠷ ᠰᠢᠷᠣᠢ ᠶᠢᠨ ᠬᠤᠳᠠᠯᠳᠤᠭ᠎ᠠ ᠮᠠᠶᠢᠮᠠᠢ ᠬᠢᠬᠦ ᠵᠠᠮ ᠬᠠᠷᠢᠯᠴᠠᠭᠠᠨ ᠤ ᠲᠦᠭᠦᠮ | ᠳᠦᠳᠡ ᠨᠥᠬᠦᠴᠡᠯ ᠢ ᠬᠠᠩᠭᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠤᠷᠤᠰᠬᠠᠯ ᠤᠨ ᠲᠦᠭᠵᠢᠷᠡᠯ ᠢ | ᠨᠠᠮᠳᠠᠭᠤᠯᠵᠤ᠂ ᠣᠶᠢᠷ᠎ᠠ ᠬᠠᠪᠢ ᠶᠢᠨ ᠠᠵᠤ ᠠᠬᠤᠢ ᠶᠢᠨ ᠬᠥᠭᠵᠢᠯᠳᠡ ᠳᠤ ᠴᠢᠬᠤᠯᠠ ᠨᠥᠯᠦᠭᠡ ᠲᠠᠢ ᠶᠤᠮ᠃ | | | |