ᠤᠨᠳᠤᠷᠤᠯᠲᠤ ᠪᠠᠯᠭᠠᠰᠤ᠄ ᠮᠢᠩᠭᠠᠨ ᠮᠦ ᠰᠢᠬᠢᠷ ᠡᠪᠡᠰᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠣᠭᠦᠯᠪᠡ
ᠨᠡᠶᠢᠲᠡᠯᠡᠭᠰᠡᠨ ᠴᠠᠭ᠄
2024/11/8
    ᠤᠨᠳᠤᠷᠤᠯᠲᠤ ᠪᠠᠯᠭᠠᠰᠤᠨ ᠤ ᠪᠠᠷᠠᠭᠤᠨ ᠬᠥᠳᠡᠭᠡ ᠭᠠᠴᠠᠭ᠎ᠠ ᠨᠢ ᠭᠤᠷᠪᠠᠨ ᠵᠢᠯ ᠤᠷᠭᠤᠭᠰᠠᠨ 800 ᠮᠦ ᠰᠢᠬᠢᠷ ᠡᠪᠡᠰᠦ ᠶᠢᠨ ᠡᠯᠪᠡᠭ ᠬᠤᠷᠢᠶᠠᠯᠲᠠ ᠶᠢ ᠤᠭᠲᠤᠨ ᠠᠪᠴᠢᠷᠠᠪᠠ᠃ ᠨᠠᠷᠠᠨ ᠤ ᠲᠤᠰᠤᠯᠲᠠ ᠤᠷᠲᠤ᠂ ᠡᠲᠦᠷ ᠰᠦᠨᠢ ᠶᠢᠨ ᠳᠤᠯᠠᠭᠠᠨ ᠤ ᠵᠦᠷᠢᠶ᠎ᠡ ᠶᠡᠭᠡ᠂ ᠠᠭᠤᠷ ᠠᠮᠢᠰᠬᠤᠯ ᠬᠦᠷᠦᠰᠦ ᠰᠢᠷᠤᠢ ᠶᠢᠨ ᠨᠦᠬᠦᠴᠡᠯ ᠰᠠᠶᠢᠨ ᠵᠡᠷᠭᠡ ᠬᠦᠴᠦᠨ ᠵᠦᠢᠯ ᠠᠴᠠ ᠪᠤᠯᠵᠤ᠂ ᠤᠨᠳᠤᠷᠤᠯᠲᠤ ᠪᠠᠯᠭᠠᠰᠤᠨ ᠤ ᠬᠢᠲᠠᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠪᠤᠯᠤᠨ ᠪᠦᠲᠦᠬᠡᠭᠲᠡᠭᠦᠨ ᠤ ᠶᠠᠰᠦ ᠴᠢᠨᠠᠷ ᠴᠦᠮ ᠲᠤᠮᠤ ᠬᠡᠯᠪᠡᠷᠢ ᠶᠢᠨ ᠡᠮ ᠤᠨ ᠦᠢᠯᠡᠳᠪᠦᠷᠢ ᠶᠢ ᠬᠤᠲᠠᠯᠲᠤᠨ ᠠᠪᠬᠤ ᠪᠠᠷᠢᠮᠵᠢᠶ᠎ᠠ ᠳᠤ ᠬᠦᠷᠴᠦ᠂ ᠵᠠᠬ᠎ᠠ ᠲᠡᠯᠭᠡᠭᠦᠷ ᠤᠨ ᠢᠷᠡᠬᠡᠲᠦᠢ ᠶᠡᠭᠡ ᠰᠠᠶᠢᠨ ᠪᠠᠶᠢᠵᠤ᠂ ᠣᠶᠢᠯᠠᠭᠠᠭᠰᠠᠨ ᠢᠶᠠᠷ᠂ ᠤᠨᠳᠤᠷᠤᠯᠲᠤ ᠪᠠᠯᠭᠠᠰᠤ 2024 ᠣᠨ ᠳᠤ ᠨᠡᠶᠢᠲᠡ 4000 ᠭᠠᠷᠤᠶ ᠮᠥ ᠰᠢᠬᠢᠷ ᠡᠪᠡᠰᠦ ᠲᠠᠷᠢᠵᠤ᠂ ᠪᠠᠷᠠᠭᠤᠨ ᠬᠥᠳᠡᠭᠡ ᠭᠠᠴᠠᠭ᠎ᠠ ᠳᠤ 1700 ᠮᠥ ᠰᠢᠬᠢᠷ ᠡᠪᠡᠰᠦ ᠲᠠᠷᠢᠵᠤ᠂ ᠡᠨᠡ ᠵᠢᠯ 800 ᠮᠥ ᠬᠤᠷᠢᠶᠠᠵᠤ᠂ ᠮᠦ ᠪᠦᠷᠢ ᠶᠢᠨ ᠤᠨᠠᠯᠲᠠ 2 ᠲᠣᠨ ᠣᠷᠴᠢᠮ ᠳᠤ ᠬᠦᠷᠴᠦ ᠴᠢᠳᠠᠪᠠ᠃
   ᠤᠨᠳᠤᠷᠤᠯᠲᠤ ᠪᠠᠯᠭᠠᠰᠤ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠳᠠᠷᠢᠬᠤ ᠠᠴᠠ ᠬᠤᠷᠢᠶᠠᠬᠤ ᠬᠦᠷᠲᠡᠯ᠎ᠡ᠂ ᠬᠡᠪᠴᠢᠶᠡᠵᠢᠭᠦᠯᠦᠭᠰᠡᠨ ᠲᠠᠷᠢᠮᠠᠯ ᠢ ᠶᠡᠬᠡᠪᠡᠷ ᠳᠡᠯᠭᠡᠷᠡᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠬᠡᠪᠴᠢᠶᠡᠵᠢᠯᠲᠡ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠨᠠᠮ ᠤᠨ ᠡᠭᠦᠷ + ᠰᠠᠭᠤᠷᠢᠨ ᠭᠠᠵᠠᠷ + ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ + ᠲᠠᠷᠢᠶᠠᠴᠢᠨ ᠡᠷᠦᠬᠡ︾᠂ ︽ᠨᠠᠮ ᠤᠨ ᠡᠭᠦᠷ + ᠬᠤᠷᠰᠢᠶᠠᠵᠢᠯ + ᠰᠢᠯᠢᠳᠡᠭ ᠠᠵᠤ ᠠᠬᠤᠶᠢᠯᠠᠯ︾ ᠵᠡᠷᠭᠡ ᠠᠷᠭ᠎ᠠ ᠬᠡᠯᠪᠡᠷᠢ ᠶᠢ ᠠᠪᠴᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠦᠮᠴᠢᠯᠡᠯ᠂ ᠠᠵᠤ ᠠᠬᠤᠶᠢᠯᠠᠯ᠂ ᠬᠤᠷᠰᠢᠶᠠᠵᠢᠯ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠨ ᠡᠷᠦᠬᠡ ᠶᠢᠨ ︽ᠲᠠᠪᠤᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ︾ ᠶᠢ ᠪᠡᠶᠡᠯᠡᠭᠦᠯᠵᠦ᠂ ᠭᠤᠷᠪᠠᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠪᠥᠬᠦ ᠭᠤᠭᠴᠤᠭ᠎ᠠ ᠶᠢᠨ ᠲᠠᠰ ᠳᠡᠪᠰᠢᠬᠦ᠂ ᠪᠥᠬᠦ ᠬᠡᠯᠬᠢᠶ᠎ᠡ ᠶᠢᠨ ᠥᠷᠲᠡᠭ ᠢ ᠳᠡᠭᠡᠭᠰᠢᠯᠡᠭᠦᠯᠬᠦ ᠶᠢ ᠪᠡᠶᠡᠯᠡᠭᠦᠯᠪᠡ᠃    ︽ᠮᠠᠨ ᠤ ᠤᠨᠳᠤᠷᠤᠯᠲᠤ ᠪᠠᠯᠭᠠᠰᠤᠨ ᠤ ᠰᠢᠬᠢᠷ ᠡᠪᠡᠰᠦ ᠶᠢᠨ ᠴᠢᠨᠠᠷ ᠰᠠᠶᠢᠨ᠂ ᠡᠮ ᠳᠤ ᠬᠡᠷᠡᠭᠯᠡᠬᠦ ᠦᠨ᠎ᠡ ᠥᠷᠲᠡᠭ ᠥᠨᠳᠥᠷ᠂ ᠡᠳ᠋ᠰᠢᠭᠦᠯᠬᠦ ᠪᠠᠷ ᠳᠠᠮᠵᠢᠨ ᠺᠢᠯᠣᠭ᠍ᠷᠠᠮ ᠪᠦᠷᠢ ᠳᠤᠮᠳᠠᠴᠢ ᠪᠠᠷ 20—25 ᠲᠥᠭᠦᠷᠢᠭ ᠤᠨ ᠣᠷᠴᠢᠮ ᠢᠶᠠᠷ ᠬᠤᠳᠠᠯᠳᠤᠵᠤ᠂ ᠬᠠᠮᠤᠭ ᠤᠨ ᠰᠠᠶᠢᠨ ᠳ᠋ᠢᠶᠠᠮᠧᠲᠷ ᠨᠢ 1.5 ᠰᠠᠨᠲ᠋ᠢᠮᠧᠲᠷ ᠤᠨ ᠰᠢᠬᠢᠷ ᠡᠪᠡᠰᠦ   ᠨᠢ 35 ᠲᠦᠭᠦᠷᠢᠭ ᠣᠷᠴᠢᠮ ᠳᠤ ᠬᠦᠷᠳᠡᠭ᠂ ᠬᠤᠷᠰᠢᠶᠠᠵᠢᠯ ᠪᠠᠷᠤᠭ ᠨᠢᠭᠡ ᠵᠢᠯ 3000 ᠲᠣᠨ ᠣᠷᠴᠢᠮ ᠡᠳ᠋ᠰᠢᠭᠦᠯᠵᠦ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ ᠪᠠᠶᠢᠨ᠎ᠠ︾ ᠭᠡᠵᠤ ᠤᠨᠳᠤᠷᠤᠯᠲᠤ ᠪᠠᠯᠭᠠᠰᠤᠨ ᠤ ᠳ᠋ᠧ ᠮᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠴᠢᠤᠸᠠᠨ ᠰᠢᠶᠠᠨ ᠬᠡᠯᠡᠪᠡ᠃     ᠤᠶᠢᠷ᠎ᠠ ᠶᠢᠨ ᠵᠢᠯ ᠳᠤ᠂ ᠤᠨᠳᠤᠷᠤᠯᠲᠤ ᠪᠠᠯᠭᠠᠰᠤ ᠤᠯᠤᠰ ᠤᠨ ᠣᠨᠴᠠᠯᠢᠭᠲᠤ ᠬᠢᠲᠠᠳ ᠡᠮ ᠡᠮᠨᠡᠯᠭᠡ ᠶᠢᠨ ᠠᠵᠤ ᠦᠢᠯᠡᠰ ᠢ ᠶᠡᠬᠡᠪᠡᠷ ᠬᠥᠭᠵᠢᠭᠦᠯᠬᠦ ᠠᠵᠠ ᠲᠣᠬᠢᠶᠠᠯ ᠢ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠨᠠᠮ ᠤᠨ ᠡᠭᠦᠷ ᠬᠥᠲᠥᠯᠥᠨ ᠳᠠᠭᠠᠭᠤᠯᠬᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠᠷ ᠲᠤᠯᠭᠠᠭᠤᠷᠢᠯᠠᠬᠤ᠂  ᠬᠤᠷᠰᠢᠶᠠᠵᠢᠯ ᠬᠠᠮᠵᠢᠯᠴᠠᠬᠤ᠂ ᠲᠠᠷᠢᠶᠠᠴᠢᠨ ᠡᠷᠦᠬᠡ ᠣᠷᠣᠯᠴᠠᠬᠤ︾ ᠦᠨᠳᠦᠰᠦᠨ ᠠᠷᠭ᠎ᠠ ᠵᠠᠮ ᠤᠨ ᠲᠠᠭᠠᠣ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠢᠯᠡᠳᠬᠦᠨ ᠡᠳ᠋ᠰᠢᠭᠦᠯᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠲᠠᠯ᠎ᠠ ᠪᠠᠷ ᠨᠢᠭᠡᠳᠦᠯᠲᠡᠶ ᠲᠥᠯᠥᠪᠯᠡᠨ ᠠᠬᠢᠭᠤᠯᠵᠤ᠂ ᠯᠠᠨᠵᠧᠤ ᠶᠢᠨ ᠼᠢ ᠵᠢᠶ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠭᠠᠨᠰᠦ ᠶᠢᠨ ᠹᠦ᠋ ᠵᠧᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠳᠠᠭᠠᠵᠤ᠂ ᠪᠣᠷᠣᠯᠠᠭᠤᠯᠬᠤ ᠠᠷᠭ᠎ᠠ ᠵᠠᠮ ᠢᠶᠠᠨ ᠦᠷᠭᠡᠳᠬᠡᠪᠡ᠃ ᠢᠳᠡᠪᠬᠢᠲᠡᠢ ᠪᠠᠷ ᠪᠡᠯᠡ ᠣᠷᠣᠭᠤᠯᠬᠤ ᠪᠠᠷ ᠴᠢᠷᠮᠠᠶᠢᠵᠤ᠂ ᠪᠠᠷᠠᠭᠤᠨ ᠬᠥᠳᠡᠭᠡ ᠭᠠᠴᠠᠭ᠎ᠠ ᠳᠤ ᠤᠬᠢᠶᠠᠵᠤ ᠴᠡᠪᠡᠷᠯᠡᠬᠦ᠂ ᠬᠠᠲᠠᠭᠠᠬᠤ᠂ ᠬᠡᠷᠴᠢᠭᠦᠷ ᠮᠠᠰᠢᠨ᠂ ᠬᠠᠭᠰᠠᠭᠠᠵᠤ ᠬᠠᠲᠠᠭᠠᠬᠤ᠂ ᠢᠯᠭᠠᠬᠤ ᠵᠡᠷᠭᠡ ᠤᠯᠠᠨ ᠵᠦᠢᠯ ᠤᠨ ᠠᠵᠢᠯ ᠤᠨ ᠲᠡᠰ ᠳᠠᠷᠠᠭᠠᠯᠠᠯ ᠢ ᠨᠢᠭᠡ ᠴᠣᠭᠴᠠᠵᠢᠭᠤᠯᠤᠭᠰᠠᠨ ᠬᠢᠲᠠᠳ ᠡᠮ ᠤᠨ ᠮᠠᠲ᠋ᠧᠷᠢᠶᠠᠯ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠣᠯᠣᠨ ᠬᠢᠲᠠᠳ ᠡᠮ ᠤᠨ ᠮᠠᠲ᠋ᠧᠷᠢᠶᠠᠯ ᠢ ᠬᠡᠷᠴᠢᠵᠦ ᠪᠣᠯᠪᠠᠰᠤᠷᠠᠭᠤᠯᠬᠤ ᠴᠤᠪᠤᠷᠠᠯ ᠱᠤᠭᠤᠮ ᠢ ᠪᠠᠶᠢᠭᠤᠯᠵᠤ᠂ ᠵᠢᠱᠢᠯᠲᠡ ᠪᠠᠷ ᠡᠳᠦᠷ ᠤᠨ ᠬᠠᠮᠤᠭ ᠤᠨ ᠶᠡᠭᠡ ᠡᠳ᠋ᠰᠢᠭᠦᠯᠦᠨ ᠦᠢᠯᠡᠳᠪᠦᠷᠢᠯᠡᠬᠦ ᠴᠢᠳᠠᠪᠤᠷᠢ ᠨᠢ 20 ᠲᠣᠨ᠂ ᠵᠢᠯ ᠳᠤ 12500 ᠲᠣᠨ ᠬᠢᠲᠠᠳ ᠡᠮ ᠤᠨ ᠲᠦᠭᠦᠬᠡᠢ ᠮᠠᠲ᠋ᠧᠷᠢᠶᠠᠯ ᠪᠣᠯᠪᠠᠰᠣᠷᠠᠭᠤᠯᠣᠨ᠎ᠠ᠃    ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ᠂ ᠤᠨᠳᠤᠷᠤᠯᠲᠤ ᠪᠠᠯᠭᠠᠰᠤᠨ ᠤ ᠬᠤᠨᠴᠢᠷ᠂ ᠰᠢᠬᠢᠷ ᠡᠪᠡᠰᠦ᠂ ᠠᠶᠢᠷᠠᠭ ᠡᠪᠡᠰᠦ᠂ ᠬᠠᠢ ᠨᠠ᠂ ᠬᠦᠷᠭᠦᠮ ᠵᠡᠷᠭᠡ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ 1.16 ᠲᠦᠮᠡᠨ ᠮᠦ ᠳᠤ ᠬᠦᠷᠴᠦ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ 1800 ᠲᠦᠮᠡᠨ ᠲᠥᠭᠦᠷᠢᠭ ᠲᠤ ᠬᠦᠷᠴᠡᠢ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号