2024 ᠣᠨ ᠤ ᠠᠯᠠᠱᠠ ᠵᠡᠭᠦᠨ ᠬᠤᠰᠢᠭᠤᠨ ᠤ ᠲᠡᠮᠡᠭᠡᠨ ᠤ ᠰᠣᠶᠣᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/12/20
     11 ᠳ᠋ᠦ᠋ᠭᠡᠷ ᠰᠠᠷ᠎ᠠ ᠶᠢᠨ 17᠎ ᠤ ᠡᠳᠦᠷ᠂ 2024 ᠣᠨ ᠳᠤ ᠠᠯᠠᠱᠠ ᠵᠡᠭᠦᠨ ᠬᠤᠰᠢᠭᠤᠨ ᠤ ᠲᠡᠮᠡᠭᠡᠨ ᠤ ᠰᠣᠶᠣᠯ ᠤᠨ ᠨᠠᠶᠢᠷ ᠪᠠᠶᠠᠨᠬᠤᠲᠠ ᠪᠠᠯᠭᠠᠰᠤ ᠶᠢᠨ ᠰᠦᠮᠡᠲᠣ ᠭᠠᠴᠠᠭᠠᠨ ᠤ ᠲᠡᠮᠡᠭᠡᠨ ᠤ ᠰᠣᠶᠣᠯ ᠤᠨ ᠰᠠᠭᠤᠷᠢᠨ ᠭᠠᠵᠠᠷ ᠲᠤ ᠡᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠠᠵᠢᠯᠯᠠᠭ᠎ᠠ ᠳᠤ ᠣᠷᠣᠯᠴᠠᠵᠠᠶ᠃
   ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠲᠡᠮᠡᠭᠡ ᠪᠠᠷ ᠭᠤᠤᠯ ᠰᠡᠳᠦᠪ ᠪᠣᠯᠭᠠᠭᠰᠠᠨ ᠦᠵᠡᠭᠳᠡᠯᠲᠦ ᠵᠦᠴᠦᠭᠡ᠂ ᠳᠠᠭᠤᠤ ᠪᠥᠵᠢᠭ ᠤᠨ ᠲᠣᠭᠯᠠᠯᠲᠠ ᠵᠢᠴᠢ ᠦᠨᠳᠦᠰᠦᠲᠡᠨ ᠤ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠨᠠᠢᠮᠠᠨ ᠵᠣᠪᠬᠢᠰ ᠠᠴᠠ ᠢᠷᠡᠭᠰᠡᠨ ᠵᠣᠴᠢᠳ ᠲᠤ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠨᠠᠶᠢᠷᠠᠯ ᠳᠠᠭᠤᠤ ︽ᠬᠠᠨ ᠲᠡᠭᠷᠢ ᠠᠯᠠᠱᠠ︾᠎ ᠨᠢ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠨᠠᠭᠠᠳᠤᠮ ᠤᠨ ᠶᠡᠭᠡ ᠬᠤᠷᠠᠯ ᠨᠢ 2 ᠡᠳᠦᠷ ᠶᠠᠪᠤᠭᠳᠠᠵᠤ᠂ ᠠᠵᠢᠯᠯᠠᠭ᠎ᠠ ᠶᠢ ᠲᠡᠮᠡᠭᠡᠨ ᠤ ᠤᠷᠤᠯᠳᠤᠭᠠᠨ ᠤ ᠲᠥᠷᠥᠯ ᠵᠦᠢᠯ᠂ ᠲᠡᠮᠡᠭᠡᠨ ᠤ ᠤᠷ᠎ᠠ ᠴᠢᠳᠠᠪᠤᠷᠢ ᠶᠢᠨ ᠲᠣᠭᠯᠠᠯᠲᠠ ᠶᠢᠨ ᠲᠥᠷᠥᠯ ᠵᠦᠢᠯ᠂ ᠲᠡᠮᠡᠭᠡᠨ ᠤ ᠠᠳᠠᠯᠢᠳᠬᠠᠨ ᠰᠢᠯᠭᠠᠷᠠᠭᠤᠯᠬᠤ ᠲᠥᠷᠥᠯ ᠵᠦᠢᠯ᠂ ᠲᠡᠮᠡᠭᠡ ᠶᠢ ᠲᠥᠪᠯᠡᠷᠡᠭᠦᠯᠦᠨ ᠳᠡᠯᠭᠡᠨ ᠦᠵᠡᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ 5 ᠶᠡᠭᠡ ᠲᠥᠷᠥᠯ ᠵᠦᠢᠯ ᠬᠤᠪᠢᠶᠠᠵᠠᠢ᠃ ᠨᠢᠳᠦ ᠪᠢᠯᠬᠠᠮ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠬᠤᠷᠴᠠ ᠰᠢᠷᠦᠭᠦᠨ ᠤᠷᠤᠯᠳᠤᠭᠠᠨ ᠤ ᠮᠥᠷᠦ᠋ᠢᠴᠡᠭᠡᠨ ᠨᠢ ᠠᠯᠠᠱᠠ ᠵᠡᠭᠦᠨ ᠬᠤᠰᠢᠭᠤᠨ ᠤ ᠲᠡᠮᠡᠭᠡᠨ ᠤ ᠰᠣᠶᠣᠯ ᠤᠨ ᠤᠷᠤᠯᠳᠤᠭᠠᠨ ᠤ ᠷᠢᠳᠢ ᠰᠢᠳᠢ ᠶᠢ ᠲᠥᠪᠯᠡᠷᠡᠭᠦᠯᠦᠨ ᠢᠯᠡᠷᠡᠭᠦᠯᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号