ᠪᠠᠷᠠᠭᠤᠨ ᠪᠡᠯ ᠪᠠᠯᠭᠠᠰᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠦᠵᠡᠮᠵᠢ ᠶᠢ ᠳᠡᠯᠭᠡᠨ ᠦᠵᠡᠬᠦᠯᠪᠡ
ᠨᠡᠶᠢᠲᠡᠯᠡᠭᠰᠡᠨ ᠴᠠᠭ᠄
2024/12/20
   ᠪᠠᠷᠠᠭᠤᠨ ᠪᠠᠯ ᠪᠠᠯᠭᠠᠰᠤᠨ ᠳᠤ ᠰᠠᠷ᠎ᠠ ᠪᠦᠷᠢ ᠶᠢᠨ 5᠂ 15᠂ 25᠎ ᠤ ᠡᠳᠦᠷ ᠠᠷᠠᠯᠵᠢᠶ᠎ᠠ ᠡᠬᠢᠯᠡᠵᠦ᠂ ᠠᠷᠠᠳ ᠣᠯᠠᠨ ᠠᠮᠤ ᠪᠤᠳᠠᠭ᠎ᠠ ᠲᠣᠰᠣ ᠬᠦᠨᠡᠰᠦ ᠪᠠᠨ ᠬᠤᠳᠠᠯᠳᠤᠨ ᠠᠪᠴᠣ ᠶᠠᠭᠠᠷᠠᠯᠳᠣᠵᠣ ᠪᠣᠢ᠃ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ᠂ ᠪᠠᠷᠠᠭᠤᠨ ᠪᠠᠯ ᠪᠠᠯᠭᠠᠰᠤᠨ ᠤ ᠥᠪᠡᠷᠲᠡᠭᠡᠨ ᠦᠢᠯᠡᠳᠪᠦᠷᠢᠯᠡᠭᠰᠡᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠰᠠᠭᠤᠭᠠᠯᠢ ᠠᠷᠠᠳ ᠤᠨ ᠠᠩᠬᠠᠷᠤᠯ ᠢ ᠶᠡᠬᠡᠳᠡ ᠲᠠᠲᠠᠪᠠ᠃    ᠣᠶᠢᠯᠠᠭᠠᠭᠰᠠᠨ ᠢᠶᠠᠷ᠂ ᠪᠠᠷᠠᠭᠤᠨ ᠪᠡᠯ ᠪᠠᠯᠭᠠᠰᠤᠨ ᠤ ︽ᠲᠠᠪᠤ ᠪᠦᠷᠢ ᠶᠢᠨ ᠴᠤᠭᠯᠠᠭ᠎ᠠ ᠮᠠᠶᠢᠮᠠᠶ︾᠎ ᠳᠤ ᠨᠣᠭᠤᠭ᠎ᠠ ᠵᠢᠮᠢᠰ᠂ ᠴᠡᠴᠡᠭ ᠤᠷᠭᠤᠮᠠᠯ᠂ ᠬᠤᠪᠴᠠᠰᠤ ᠬᠤᠨᠠᠷ ᠪᠦᠷᠢᠨ ᠪᠠᠷᠠᠭ᠎ᠠ ᠵᠡᠷᠭᠡ ᠲᠤᠰᠬᠠᠶ ᠲᠣᠭᠤᠷᠢᠭ ᠭᠠᠷᠭᠠᠵᠤ᠂ ᠵᠠᠬ᠎ᠠ ᠳᠡᠯᠭᠡᠭᠦᠷ ᠲᠤ ᠣᠷᠣᠯᠴᠠᠬᠤ᠂ ᠣᠯᠠᠨ ᠲᠦᠮᠡᠨ ᠴᠤᠭᠯᠠᠷᠠᠭᠰᠠᠨ ᠬᠡᠯᠪᠡᠷᠢ ᠪᠠᠷ ᠮᠠᠯᠵᠢᠬᠤ ᠲᠠᠷᠢᠶᠠᠯᠠᠬᠤ ᠣᠷᠣᠨ ᠤ ᠴᠤᠭᠯᠠᠭ᠎ᠠ ᠮᠠᠶᠢᠮᠠᠢ ᠶᠢᠨ ᠠᠵᠤ ᠠᠬᠤᠶ᠂ ᠵᠠᠳᠠᠭᠠᠢ ᠵᠠᠬ᠎ᠠ ᠶᠢᠨ ᠠᠵᠤ ᠠᠬᠤᠶ ᠶᠢ ᠬᠥᠭᠵᠢᠭᠦᠯᠵᠦ᠂ ᠲᠠᠷᠢᠶᠠᠯᠠᠩ ᠤᠨ ᠬᠡᠷᠡᠭᠰᠡᠯ ᠪᠠ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠠᠷᠭ᠎ᠠ ᠵᠠᠮ ᠢ ᠨᠡᠪᠲᠡᠷᠡᠭᠦᠯᠬᠦ ᠶᠢᠨ ᠬᠠᠮᠲᠤ ᠬᠠᠷᠢᠶᠠᠲᠤ ᠣᠷᠣᠨ ᠤ ᠬᠤᠳᠠᠯᠳᠤᠭᠠᠨ ᠤ ᠲᠣᠭᠤᠷᠢᠭ ᠤᠨ ᠠᠵᠤ ᠠᠬᠤᠶ ᠶᠢ ᠳᠠᠶᠢᠴᠢᠯᠠᠵᠤ᠂ ᠡᠯ᠎ᠡ ᠲᠥᠷᠥᠯ ᠤᠨ ᠦᠢᠯᠡᠴᠢᠯᠡᠭᠡᠨ ᠤ ᠡᠬᠢ ᠪᠠᠶᠠᠯᠢᠭ ᠢ ᠣᠯᠠᠨ ᠲᠦᠮᠡᠨ ᠤ ︽ᠬᠡᠷ ᠤᠨ ᠡᠭᠦᠳᠡᠨ︾᠎ ᠳᠤ ᠬᠦᠷᠭᠡᠪᠡ᠃
  ᠪᠠᠷᠠᠭᠤᠨ ᠪᠡᠯ ᠪᠠᠯᠭᠠᠰᠤᠨ ᠳᠤ ᠳᠠᠷᠢᠵᠤ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠪᠠ ᠬᠤᠷᠰᠢᠶᠠᠵᠢᠯ ᠲᠠᠢ ᠪᠠᠶᠢᠵᠤ᠂ ᠦᠵᠦᠮ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠪᠣᠯ ᠳᠠᠷᠤᠶ ᠲᠡᠭᠦᠨ ᠤ ᠳᠣᠲᠣᠷᠠᠬᠢ ᠣᠷᠣᠶᠢᠯᠠᠭᠴᠢ ᠎ ᠨᠢ ᠪᠣᠯᠤᠨ᠎ᠠ᠂ ᠲᠣᠰ ᠠᠵᠤ ᠦᠢᠯᠡᠰ ᠤᠨ ᠬᠦᠷᠢᠶᠡᠯᠡᠩ ᠨᠢ 5500 ᠮᠥ ᠪᠠᠶᠢᠵᠤ᠂ ᠲᠠᠷᠢᠶᠠᠯᠠᠩ ᠤᠨ ᠲᠠᠷᠢᠮᠠᠯ᠂ ᠬᠠᠳᠠᠭᠠᠯᠠᠵᠤ ᠡᠳ᠋ᠰᠢᠭᠦᠯᠬᠦ᠂ ᠰᠡᠯᠡᠭᠦᠴᠡᠯ᠂ ᠣᠶ ᠰᠢᠭᠤᠶ ᠵᠢᠮᠢᠰ ᠲᠡᠭᠦᠬᠦ ᠳᠥᠷᠪᠡᠨ ᠶᠡᠭᠡ ᠴᠢᠳᠠᠮᠵᠢ ᠲᠠᠢ ᠪᠠᠶᠢᠵᠤ᠂ ᠣᠯᠠᠨ ᠵᠢᠯ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠡᠮᠵᠢᠨ᠂ ᠬᠦᠷᠢᠶᠡᠯᠡᠩ ᠲᠣᠭᠤᠷᠢᠭ ᠨᠢ ᠶᠠᠰᠤ ᠴᠢᠨᠠᠷ ᠰᠢᠯᠢᠳᠡᠭ ᠰᠠᠶᠢᠨ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ᠂ ᠨᠠᠩ ᠲᠣᠭᠲᠠᠭᠤᠨ ᠪᠣᠷᠣᠯᠠᠭᠤᠯᠭ᠎ᠠ ᠶᠢᠨ ᠠᠷᠭ᠎ᠠ ᠵᠠᠮ ᠲᠠᠢ ᠪᠣᠯᠪᠠ᠃
    ᠦᠵᠦᠮ ᠲᠠᠷᠢᠶᠠᠯᠠᠩ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠨᠢ ︽ᠨᠠᠮ ᠤᠨ ᠡᠭᠦᠷ +ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ︾᠎ ᠶᠢᠨ ᠡᠵᠡᠩᠨᠡᠯᠲᠡ ᠶᠢᠨ ᠵᠠᠭᠪᠤᠷ ᠢ ᠠᠪᠴᠤ᠂ ᠦᠵᠦᠮ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠠᠴᠠ ᠬᠠᠷᠢᠭᠤᠴᠠᠨ ᠡᠵᠡᠩᠨᠡᠵᠦ᠂ ᠵᠢᠯ ᠪᠦᠷᠢ ᠭᠠᠴᠠᠭᠠᠨ ᠤ ᠬᠠᠮᠲᠤ ᠶᠢᠨ ᠠᠵᠤ ᠠᠬᠤᠢ ᠳᠤ 6 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠵᠦ ᠪᠠᠶᠢᠬᠤ ᠮᠥᠷᠳᠡᠭᠡᠨ ᠡᠷᠬᠢᠨ ᠲᠣᠭᠤᠷᠢᠨ ᠤ 21 ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠠᠷᠭ᠎ᠠ ᠮᠠᠶ᠋ᠢᠭ ᠢᠶᠠᠷ ᠳᠠᠮᠵᠢᠨ᠂ ᠡᠷᠦᠬᠡ ᠳᠤᠮᠳᠠᠴᠢ ᠶᠢᠨ ᠣᠷᠣᠯᠭ᠎ᠠ 6 ᠲᠦᠮᠡᠨ ᠲᠥᠭᠦᠷᠢᠭ ᠨᠡᠮᠡᠭᠳᠡᠪᠡ᠃ ᠲᠠᠷᠢᠶᠠᠯᠠᠩ ᠤᠨ ᠶᠠᠭᠠᠷᠠᠤ ᠤᠯᠠᠷᠢᠯ ᠪᠣᠯᠬᠤ ᠪᠦᠷᠢ᠂ ᠬᠤᠷᠰᠢᠶᠠᠵᠢᠯ ᠠᠴᠠ ᠪᠠᠰᠠ ᠮᠠᠯᠴᠢᠨ ᠲᠠᠷᠢᠶᠠᠴᠢᠨ ᠳᠤ 200 ᠭᠠᠷᠤᠢ ᠠᠵᠢᠯ ᠤᠨ ᠪᠠᠶᠢᠷᠢ ᠬᠠᠩᠭᠠᠳᠠᠭ᠃    ᠬᠤᠷᠰᠢᠶᠠᠵᠢᠯ ᠬᠢᠭᠡᠳ ᠲᠠᠷᠢᠶᠠᠴᠢᠨ ᠡᠷᠦᠬᠡ ᠶᠢᠨ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠵᠠᠭᠪᠤᠷ ᠨᠢ ᠡᠷᠬᠢᠨ ᠲᠣᠭᠤᠷᠢᠨ ᠤ ᠭᠠᠴᠠᠭᠠᠨ ᠤ ᠦᠯᠡᠭᠦᠦ ᠬᠥᠳᠡᠯᠮᠦᠷᠢ ᠬᠦᠴᠦᠨ ᠤ ᠣᠶᠢᠷ᠎ᠠ ᠬᠠᠪᠢ ᠳᠠᠭᠠᠨ ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠤᠤᠯ ᠤᠨ ᠬᠡᠰᠡᠭᠯᠡᠨ ᠬᠤᠪᠢᠶᠠᠭᠰᠠᠨ ᠭᠠᠵᠠᠷ ᠰᠢᠷᠣᠶ ᠶᠢ ᠵᠠᠯᠭᠠᠯᠳᠤᠭᠤᠯᠤᠨ ᠬᠡᠪᠴᠢᠶᠡᠵᠢᠭᠦᠯᠦᠨ ᠡᠵᠡᠩᠨᠡᠵᠦ᠂ ᠭᠠᠵᠠᠷ ᠰᠢᠷᠣᠶ ᠶᠢᠨ ᠠᠵᠤ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠭᠰᠡᠨ ᠪᠠᠶᠢᠨ᠎ᠠ᠃ ᠦᠵᠦᠮ ᠲᠠᠷᠢᠶᠠᠯᠠᠩ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠡᠳᠦᠷ ᠢᠷᠡᠬᠦᠶ᠎ᠡ ᠲᠡᠭᠦᠯᠳᠡᠷᠵᠢᠬᠦ ᠶᠢ ᠳᠠᠭᠠᠯᠳᠤᠨ᠂ ︽ᠬᠥᠳᠡᠭᠡ ᠲᠣᠰᠬᠤᠨ + ᠵᠢᠭᠤᠯᠴᠢᠯᠠᠯ︾ ︽ᠬᠥᠳᠡᠭᠡ ᠲᠣᠰᠬᠤᠨ + ᠨᠠᠰᠤᠵᠢᠯ︾ ︽ᠬᠥᠳᠡᠭᠡ ᠲᠣᠰᠬᠤᠨ + ᠰᠤᠷᠭᠠᠨ ᠬᠥᠮᠦᠵᠢᠯ︾᠎ ᠤᠨ ᠬᠠᠮᠲᠤᠷᠠᠯᠴᠠᠭᠠᠨ ᠤ ᠵᠠᠭᠪᠤᠷ ᠥᠷᠨᠢᠨ ᠬᠥᠭᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠬᠠᠮᠲᠤ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠠᠶᠢᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号