| ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠲᠤᠰᠬᠠᠭᠰᠠᠨ ᠬᠦᠴᠢᠷ ᠲᠦᠪᠡᠭᠲᠡᠶ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ | ᠠᠵᠤ ᠠᠬᠤᠶᠢᠯᠠᠯ ᠢ ᠬᠦᠴᠦᠨ ᠥᠬᠡᠶ ᠪᠣᠯᠭᠠᠬᠤ ᠵᠡᠷᠭᠡ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ | ᠦᠷᠭᠦᠯᠵᠢᠯᠡᠬᠦ ᠬᠥᠳᠡᠯᠭᠡᠬᠦ ᠬᠦᠴᠦᠨ ᠬᠠᠩᠭᠠᠪᠠ᠃ | ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠣᠢᠯᠠᠭᠠᠭᠰᠠᠨ ᠢᠶᠠᠷ᠂ 11 ᠰᠠᠷ᠎ᠠ ᠶᠢᠨ 20 ᠤ ᠡᠳᠦᠷ ᠪᠣᠯᠲᠠᠯ᠎ᠠ᠂ ᠠᠯᠠᠱᠠ ᠵᠡᠭᠦᠨ ᠬᠤᠰᠢᠭᠤᠨ ᠤ | ᠡᠵᠡᠩᠨᠡᠯᠲᠡ ᠶᠢᠨ ᠭᠤᠣᠯ ᠴᠣᠭᠴᠠ ᠶᠢᠨ ᠲᠤᠭ᠎ᠠ 27700 ᠡᠷᠦᠬᠡ ᠶᠢ ᠳᠠᠪᠠᠵᠠᠢ᠃ ᠡᠨᠡ ᠵᠢᠯ ᠠᠴᠠ ᠨᠠᠰᠢ᠂ | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠢ | ᠲᠤᠰᠠᠯᠠᠬᠤ ︽ᠨᠢᠭᠡ ᠶᠠᠪᠤᠳᠠᠯ︾ ᠭᠠᠷᠭᠠᠵᠤ᠂ ᠭᠦᠢᠴᠡᠳᠬᠡᠬᠦ ᠭᠤᠭᠴᠤᠭ᠎ᠠ ᠶᠢ ᠪᠠᠭᠠᠰᠬᠠᠬᠤ᠂ ᠨᠡᠭᠦᠯᠭᠡᠬᠦ ᠴᠠᠭ ᠢ | ᠪᠣᠭᠤᠨᠢᠰᠬᠠᠬᠤ᠂ ᠭᠦᠢᠴᠡᠳᠬᠡᠬᠦ ᠠᠷᠭ᠎ᠠ ᠵᠠᠮ ᠢ ᠥᠷᠭᠡᠳᠬᠡᠬᠦ᠂ ᠭᠦᠢᠴᠡᠳᠬᠡᠬᠦ ᠤᠳᠠᠭ᠎ᠠ ᠶᠢ ᠪᠠᠭᠠᠰᠬᠠᠬᠤ᠂ ᠠᠵᠤ | ᠠᠬᠤᠶᠢᠯᠠᠯ ᠤᠨ ᠰᠢᠯᠵᠢᠭᠦᠯᠬᠦ ᠳᠡᠩᠰᠡᠯᠡᠯᠲᠡ ᠶᠢ ᠬᠤᠪᠢᠷᠠᠭᠤᠯᠬᠤ ᠵᠡᠷᠭᠡ ᠵᠦᠢᠯᠡᠰ ᠤᠨ ︽ᠨᠢᠭᠡ ᠯᠡ ᠤᠳᠠᠭ᠎ᠠ ᠳᠤ | ᠭᠤᠶᠤᠴᠢᠯᠠᠬᠤ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠨᠡᠭᠦᠯᠭᠡᠨ | ᠰᠢᠯᠵᠢᠭᠦᠯᠬᠦ ᠳᠡᠩᠰᠡᠯᠡᠯᠲᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠳᠥᠭᠦᠮᠴᠢᠯᠡᠯᠲᠡ ᠶᠢᠨ ᠬᠢᠷᠢ ᠲᠦᠪᠰᠢᠨ ᠢ | ᠦᠨᠡᠨ ᠬᠦ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠨᠳᠥᠷ ᠪᠦᠲᠦᠮᠵᠢᠲᠡᠶ ᠪᠠᠷ ᠰᠢᠢᠳᠪᠦᠷᠢᠯᠡᠭᠰᠡᠨ ᠨᠢᠭᠡ ᠶᠠᠪᠤᠳᠠᠯ︾ ᠳᠤ | ᠬᠤᠯᠪᠣᠭᠳᠠᠭᠰᠠᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ 1030 ᠭᠠᠷᠤᠶ ᠭᠦᠢᠴᠡᠳᠬᠡᠵᠦ ᠳᠠᠭᠤᠰᠬᠠᠪᠠ᠃ | | | | | | |