ᠠᠯᠠᠱᠠ ᠵᠡᠭᠦᠨ ᠬᠤᠰᠢᠭᠤ᠄ ᠲᠠᠷᠢᠶᠠᠴᠢᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/12/20
   ᠤᠢᠢᠷ᠎ᠠ ᠶᠢᠨ ᠵᠢᠯ ᠠᠴᠠ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠠᠢ ᠤᠶᠠᠯᠳᠤᠭᠤᠯᠵᠤ᠂ ᠲᠠᠷᠢᠶᠠᠴᠢᠳ ᠢ ᠲᠤᠰᠠᠯᠠᠬᠤ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠲᠤᠬᠠᠢ ᠶᠢᠨ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠳᠡᠭᠡ ᠠᠵᠤ ᠠᠬᠤᠢ  ᠂ ᠬᠥᠳᠡᠭᠡ ᠲᠣᠰᠬᠤᠨ᠂ ᠲᠠᠷᠢᠶᠠᠴᠢᠨ︾᠎ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃    ᠠᠯᠠᠱᠠ ᠶᠢᠨ ︽ ᠲᠦᠸᠧ ᠵᠦᠩ ᠸᠠᠩ︾ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠳᠤ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠠᠵᠢᠯᠲᠠᠨ ︽ᠲᠠᠷᠢᠶᠠᠴᠢᠳ ᠢ ᠳᠡᠮᠵᠢᠵᠦ ᠪᠠᠷᠠᠭ᠎ᠠ ᠬᠤᠳᠠᠯᠳᠤᠬᠤ︾ ᠠᠵᠢᠯᠯᠠᠭ᠎ᠠ ᠥᠷᠨᠢᠭᠦᠯᠵᠦ᠂ ᠰᠢᠭᠤᠳ ᠨᠡᠪᠲᠡᠷᠡᠭᠦᠯᠬᠦ ᠲᠠᠸᠠᠷ ᠢ ᠪᠥᠬᠦ ᠲᠠᠯ᠎ᠠ ᠪᠠᠷ ᠭᠦᠢᠴᠡᠳ ᠤᠬᠠᠭᠤᠯᠵᠤ᠂ ᠲᠤᠬᠠᠶ ᠶᠢᠨ ᠲᠠᠯᠠᠪᠤᠷ ᠲᠤ ᠲᠤᠷᠰᠢᠨ ᠢᠳᠡᠬᠦ᠂ ᠣᠯᠠᠨ ᠶᠠᠩᠵᠤ ᠶᠢᠨ ᠳᠡᠯᠭᠡᠨ ᠦᠵᠡᠭᠦᠯᠬᠦ ᠂ ᠪᠡᠯᠡᠭ ᠤᠨ ᠱᠠᠩᠨᠠᠯ ᠰᠤᠭᠤᠯᠬᠤ ᠵᠡᠷᠭᠡ ᠬᠠᠷᠢᠯᠴᠠᠨ ᠬᠥᠳᠡᠯᠦᠯᠴᠡᠬᠦ  ᠬᠡᠯᠪᠡᠷᠢ ᠪᠠᠷ ᠳᠠᠮᠵᠢᠭᠤᠯᠤᠨ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠬᠥᠭᠵᠢᠶᠡᠨᠲᠡᠶ ᠪᠣᠯᠭᠠᠵᠤ᠂ ᠪᠥᠬᠦ ᠤᠯᠤᠰ ᠤᠨ ᠰᠦᠯᠵᠢᠶᠡᠨ ᠳᠠᠬᠢ ᠨᠥᠭᠦᠳ ᠨᠠᠷ ᠎ ᠲᠤ ᠠᠯᠠᠱᠠ ᠶᠢᠨ ᠡᠯᠪᠡᠭ ᠪᠠᠶᠠᠯᠢᠭ ᠤᠨᠴᠠᠯᠢᠬᠳᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠳᠡᠯᠭᠡᠷᠡᠭᠦᠯᠪᠡ᠃ ᠢᠩᠭᠡᠨ ᠰᠦ ᠲᠠᠢ ᠪᠣᠣᠪᠤ᠂ ᠲᠡᠮᠡᠭᠡᠨ ᠤ ᠰᠦᠨ ᠲᠠᠯᠬ᠎ᠠ᠂ ᠬᠡᠭᠡᠷ᠎ᠡ ᠶᠢᠨ ᠬᠥᠮᠡᠯᠢ᠂ ᠲᠡᠮᠡᠭᠡᠨ ᠨᠣᠣᠯᠣᠭᠤᠷ ᠤᠨ ᠮᠠᠯᠠᠭᠠᠢ ᠂ ᠲᠡᠮᠡᠭᠡᠨ ᠤ ᠨᠣᠣᠯᠣᠭᠤᠷ ᠤᠨ ᠬᠥᠨᠵᠢᠯᠡ ᠵᠢᠴᠢ ᠲᠡᠮᠡᠭᠡᠨ ᠤ ᠨᠣᠣᠯᠣᠭᠤᠷ ᠤᠨ ᠬᠥᠪᠥᠩ ᠥᠮᠥᠳᠥ ᠵᠡᠷᠭᠡ ᠮᠠᠰᠢ ᠣᠯᠠᠨ ᠠᠯᠠᠱᠠ ᠶᠢᠨ ᠣᠨᠴᠠᠯᠢᠭᠲᠤ ᠪᠦᠲᠦᠭᠡᠭᠳᠡᠬᠦᠨ ᠵᠠᠬ᠎ᠠ ᠳᠤ ᠭᠠᠷᠤᠮᠠᠭᠴᠠ ᠬᠤᠷᠣᠮᠬᠠᠨ ᠵᠠᠭᠤᠷ᠎ᠠ ᠬᠤᠳᠠᠯᠳᠣᠵᠣ ᠲᠠᠭᠤᠰᠪᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠭᠤᠳ ᠨᠡᠪᠲᠡᠷᠡᠭᠦᠯᠭᠡ ᠪᠣᠯ ᠠᠯᠠᠱᠠ ᠠᠶᠢᠮᠠᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠶᠢᠷ᠎ᠠ ᠶᠢᠨ ᠵᠢᠯ ᠳᠤ ᠬᠠᠮᠲᠤᠷᠠᠨ ᠥᠷᠨᠢᠭᠦᠯᠦᠭᠰᠡᠨ ᠬᠤᠶᠠᠳᠤᠭᠠᠷ ᠤᠳᠠᠭᠠᠨ ᠤ ᠲᠠᠷᠢᠶᠠᠴᠢᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠪᠣᠯᠤᠨ᠎ᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠯᠠᠱᠠ ᠠᠶᠢᠮᠠᠭ ᠤᠨ ᠲᠤᠬᠠᠶ ᠶᠢᠨ ᠭᠠᠵᠠᠷ ᠤᠨ 5 ᠠᠵᠤ ᠠᠬᠤᠶᠢᠯᠠᠯ ᠤᠨ 20 ᠵᠦᠢᠯ ᠤᠨ ᠦᠢᠯᠡᠳᠬᠦᠨ ᠢ ᠢᠯᠡᠷᠡᠭᠦᠯᠵᠦ᠂ ᠵᠥᠪᠬᠡᠨ ᠨᠢᠭᠡ ᠴᠠᠭ ᠨᠡᠪᠲᠡᠷᠡᠭᠦᠯᠦᠭᠡᠳ᠂ 3.68 ᠲᠦᠮᠡᠨ ᠬᠥᠮᠦᠨ ᠤᠳᠠᠭ᠎ᠠ ᠦᠵᠡᠵᠦ᠂ ᠬᠠᠷᠢᠯᠴᠠᠨ ᠬᠥᠳᠡᠯᠦᠯᠴᠡᠬᠦ ᠬᠡᠮᠵᠢᠶ᠎ᠡ 9.0 ᠲᠦᠮᠡᠨ ᠬᠥᠮᠦᠨ ᠤᠳᠠᠭ᠎ᠠ ᠳᠤ ᠬᠦᠷᠴᠦ᠂ ᠲᠤᠰ ᠡᠳᠦᠷ ᠤᠨ ᠠᠷᠠᠯᠵᠢᠶ᠎ᠠ ᠪᠦᠲᠦᠭᠰᠡᠨ ᠵᠠᠬᠢᠶᠠᠯᠠᠭ᠎ᠠ 129 ᠬᠤᠪᠢ᠂ ᠪᠣᠷᠣᠯᠠᠭᠤᠯᠭ᠎ᠠ ᠶᠢᠨ ᠦᠢᠯᠡᠳᠬᠦᠨ 145 ᠬᠤᠪᠢ ᠪᠠᠶᠢᠪᠠ᠃ ᠲᠣᠰ ᠤᠳᠠᠭᠠᠨ ᠤ ᠰᠦᠯᠵᠢᠶ᠎ᠡ ᠪᠠᠷ ︽ᠪᠠᠷᠠᠭ᠎ᠠ ᠪᠣᠷᠣᠯᠠᠭᠤᠯᠬᠤ︾ ᠰᠢᠭᠤᠳ ᠨᠡᠪᠲᠡᠷᠡᠭᠦᠯᠭᠡ ᠶᠢᠨ ᠬᠡᠯᠪᠡᠷᠢ ᠨᠢ ᠲᠣᠰ ᠭᠠᠵᠠᠷ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠰᠦᠯᠵᠢᠶᠡᠨ ᠳᠡᠭᠡᠷ᠎ᠡ ᠪᠣᠷᠣᠯᠠᠭᠤᠯᠬᠤ ᠥᠷᠭᠡᠨ ᠲᠠᠪᠴᠠᠩ ᠢ ᠬᠠᠩᠭᠠᠵᠤ᠂ ᠠᠯᠠᠱᠠ ᠶᠢᠨ ᠭᠠᠵᠠᠷ ᠣᠷᠣᠨ ᠤ ᠣᠨᠴᠠᠯᠢᠭᠲᠤ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ᠲᠠᠷᠢᠶᠠᠴᠢᠳ ᠢ ᠪᠠᠶᠠᠵᠢᠭᠤᠯᠤᠨ ᠲᠠᠷᠢᠶᠠᠯᠠᠩ ᠢ ᠬᠥᠭᠵᠢᠭᠦᠯᠬᠦ ᠦᠢᠯᠡᠰ ᠲᠤ ᠬᠥᠳᠡᠭᠡ ᠲᠣᠰᠬᠤᠨ ᠤ ᠢᠲᠡᠭᠡᠮᠵᠢ ᠶᠢᠨ ᠬᠦᠴᠦᠨ ᠢ ᠨᠡᠮᠡᠷᠢᠯᠡᠭᠰᠡᠨ ᠪᠠᠶᠢᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号