ᠪᠠᠶᠠᠨᠬᠤᠲᠠ ᠶᠢᠨ ᠴᠠᠭᠠᠨ ᠰᠠᠷ᠎ᠠ ᠶᠢᠨ ᠰᠥᠨᠢ ᠶᠢᠨ ᠦᠵᠡᠮᠵᠢ ᠶᠢᠨ ᠵᠢᠷᠤᠭ ᠬᠦᠷᠴᠦ ᠢᠷᠡᠯ᠎ᠡ
ᠨᠡᠶᠢᠲᠡᠯᠡᠭᠰᠡᠨ ᠴᠠᠭ᠄
2024/12/20
      2025 ᠣᠨ ᠤ ᠴᠠᠭᠠᠨ ᠰᠠᠷ᠎ᠠ ᠪᠢᠳᠡᠨ ᠠᠴᠠ ᠤᠯᠠᠮ ᠠᠴᠠ ᠤᠯᠠᠮ ᠣᠶᠢᠷᠠᠳᠴᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠷᠢᠳᠴᠢᠯᠠᠨ ᠪᠠᠶᠢᠷᠢᠯᠠᠭᠤᠯᠵᠤ ᠨᠠᠷᠢᠨ ᠨᠢᠮᠪᠠᠶ ᠲᠥᠯᠥᠪᠯᠡᠨ᠂ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠪᠠ ᠳᠡᠭᠡᠭᠰᠢᠯᠡᠭᠦᠯᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃    1.ᠡᠨᠡ ᠵᠢᠯ ᠤᠨ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠠᠵᠢᠯ ᠨᠢ ᠣᠷᠴᠢᠨ ᠲᠣᠭᠤᠷᠢᠨ ᠤ ᠬᠠᠮᠠᠭᠠᠯᠠᠯᠲᠠ ᠪᠠ ᠡᠨᠧᠷᠭᠢ ᠠᠷᠪᠢᠯᠠᠬᠤ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠥᠨᠳᠥᠷ ᠪᠦᠲᠦᠮᠵᠢᠲᠡᠶ᠂ ᠡᠨᠧᠷᠭᠢ ᠶᠢᠨ ᠬᠤᠷᠣᠭᠳᠠᠯ ᠪᠠᠭ᠎ᠠ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠰᠣᠩᠭᠤᠨ ᠬᠡᠷᠡᠭᠯᠡᠵᠦ᠂ ᠬᠤᠲᠠ ᠬᠢᠭᠡᠳ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠳᠠᠪᠬᠤᠷ ᠬᠠᠷᠠᠯᠲᠠ ᠶᠢ ᠪᠡᠶᠡᠯᠡᠭᠦᠯᠪᠡ᠃   2. ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠭᠤᠤᠯ ᠵᠠᠮ᠂ ᠴᠡᠴᠡᠷᠯᠢᠭ ᠤᠨ ᠠᠭᠤᠳᠠᠮ ᠲᠠᠯᠠᠪᠠᠶ᠂ ᠳᠥᠷᠪᠡᠨ ᠣᠷᠣᠵᠤ ᠭᠠᠷᠬᠤ ᠡᠭᠦᠳᠡ ᠵᠡᠷᠭᠡ ᠭᠠᠵᠠᠷ ᠲᠤ ᠳᠤᠮᠳᠠ ᠲᠣᠮᠣ ᠬᠡᠯᠪᠡᠷᠢ ᠶᠢᠨ ᠮᠣᠳᠣᠨ ᠡᠯᠭᠦᠭᠦᠷ᠂ LED ᠳ᠋ᠧᠩ ᠤᠨ ᠪᠦᠰᠡ᠂ ᠥᠩᠭᠡᠲᠦ ᠳ᠋ᠧᠩ ᠢ ᠬᠠᠷᠢᠯᠴᠠᠨ ᠤᠶᠠᠯᠳᠤᠭᠤᠯᠵᠤ᠂ ᠠᠮᠢᠲᠠᠨ ᠤ ᠳᠦᠷᠢ ᠪᠦᠲᠦᠭᠡᠭᠰᠡᠨ ᠳ᠋ᠧᠩ ᠵᠡᠭᠦᠵᠦ᠂ ︽ᠮᠢᠨᠦ AI ᠠᠯᠠᠱᠠ︾᠂ ︽ᠲᠤᠯᠤᠭᠠᠨ ᠥᠩᠭᠡᠲᠦ ᠲᠡᠮᠡᠭᠡᠨ ᠠᠶᠠᠨ︾᠂ ︽ᠨᠠᠢᠮᠠᠨ ᠰᠢᠷᠭ᠎ᠠ ᠶᠢᠨ ᠵᠢᠷᠤᠭ︾᠂ ︽ᠴᠡᠴᠡᠷᠯᠢᠭᠲᠦ ᠬᠤᠲᠠ︾ ᠵᠡᠷᠭᠡ ᠲᠣᠮᠣ ᠬᠡᠯᠪᠡᠷᠢ ᠶᠢᠨ ᠴᠡᠴᠡᠭᠲᠦ ᠳ᠋ᠧᠩ ᠪᠠᠶᠢᠷᠢᠯᠠᠭᠤᠯᠵᠤ᠂ ᠭᠤᠤᠯ ᠰᠡᠳᠦᠪᠲᠦ ᠵᠢᠷᠤᠭ ᠠᠪᠬᠤ ᠴᠡᠭ ᠪᠣᠶ ᠪᠣᠯᠭᠠᠵᠤ᠂ ᠲᠠᠰ ᠳᠠᠪᠬᠤᠷᠭ᠎ᠠ ᠲᠣᠳᠣᠷᠬᠠᠶ᠂ ᠥᠪᠡᠷᠮᠢᠴᠡ ᠣᠨᠴᠠᠯᠢᠭ ᠲᠠᠢ ᠠᠭᠤᠷ ᠠᠮᠢᠰᠬᠤᠯ ᠢ ᠪᠣᠶ ᠪᠣᠯᠭᠠᠵᠤ᠂ ᠭᠡᠷᠡᠯ ᠰᠠᠴᠤᠷᠠᠩᠭᠤᠶ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠢᠯᠡᠷᠡᠭᠦᠯᠪᠡ    3.  ᠵᠢᠷᠤᠭ ᠠᠴᠠ ᠰᠣᠨᠢᠷᠬᠠᠭᠠᠷᠠᠢ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号