| ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ | ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠵᠠᠰᠠᠭ | ᠵᠠᠬᠢᠷᠭᠠᠨ ᠤ ᠲᠣᠰᠬᠤᠨ ᠤ ᠠᠩᠭᠢ ᠶᠢᠨ ᠵᠠᠬᠢᠷᠭ᠎ᠠ ᠶᠢᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠲᠥᠷᠥᠯ | ᠵᠦᠢᠯ ᠤᠨ ᠬᠡᠷᠡᠭᠵᠢᠭᠦᠯᠦᠯᠲᠡ ᠶᠢ ᠶᠡᠬᠡᠪᠡᠷ ᠠᠬᠢᠭᠤᠯᠬᠤ ᠶᠢᠨ ᠲᠦᠯᠦᠭᠡ ᠂ ᠡᠷᠬᠡᠬᠠᠰᠢᠬ᠎ᠠ ᠰᠤᠮᠤ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠲᠩᠷᠢ ᠴᠠᠬᠢᠯᠭᠠᠨ ᠬᠠᠩᠭᠠᠬᠤ ᠺᠣᠮᠫᠠᠨᠢ ᠶᠢᠨ | 3115.4637 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠢᠳᠡᠪᠬᠢᠲᠡᠶ ᠵᠣᠬᠢᠴᠠᠭᠤᠯᠵᠤ᠂ ᠲᠩᠷᠢ | ᠡᠯᠡᠰᠦᠨ ᠳᠤ 163.26 ᠺᠢᠯᠤᠮᠧᠲᠷ ᠤᠨ ᠴᠠᠬᠢᠯᠭᠠᠨ ᠬᠦᠷᠭᠡᠬᠦ ᠱᠤᠭᠤᠮ ᠪᠤᠰᠬᠠᠵᠤ᠂ ︽ᠡᠷᠬᠡᠬᠠᠰᠢᠬ᠎ᠠ ᠰᠤᠮᠤ | ᠭᠠᠴᠠᠭᠠᠨ ᠤ ᠠᠩᠭᠢ ᠶᠢᠨ ᠵᠠᠬᠢᠷᠭ᠎ᠠ ᠶᠢᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠡᠯᠡᠰᠦᠨ | ᠴᠦᠯ ᠤᠨ ᠮᠠᠯᠴᠢᠳ ᠢ ︽ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠵᠤ ᠴᠠᠬᠢᠯᠭᠠᠨ ᠭᠠᠷᠭᠠᠬᠤ + ᠴᠠᠬᠢᠯᠭᠠᠨ | ᠭᠠᠷᠭᠠᠬᠤ ᠮᠠᠰᠢᠨ︾ ᠤ ᠴᠠᠭ ᠦᠶ᠎ᠡ ᠠᠴᠠ ︽ᠲᠣᠮᠣ ᠴᠠᠬᠢᠯᠭᠠᠨ ᠲᠣᠤᠷ︾ ᠤᠨ ᠴᠠᠬᠢᠯᠭᠠᠨ ᠬᠡᠷᠡᠭᠯᠡᠬᠦ ᠴᠠᠭ | ᠦᠶ᠎ᠡ ᠳᠤ ᠬᠦᠷᠭᠡᠪᠡ᠃ | ᠡᠷᠬᠡᠬᠠᠰᠢᠬ᠎ᠠ ᠰᠤᠮᠤ ᠳᠤᠮᠳᠠᠳᠤ ᠤᠯᠤᠰ ᠤᠨ ᠳᠥᠷᠪᠡᠳᠦᠭᠡᠷ ᠶᠡᠭᠡ ᠡᠯᠡᠰᠦᠨ ᠴᠥᠯ ᠤᠨ ᠲᠩᠷᠢ ᠡᠯᠡᠰᠦᠨ | ᠴᠥᠯ ᠤᠨ ᠥᠷᠥᠴᠡ ᠳᠤ ᠪᠠᠶᠢᠷᠢᠯᠠᠵᠤ᠂ ᠠᠯᠠᠱᠠ ᠵᠡᠭᠦᠨ ᠬᠤᠰᠢᠭᠤᠨ ᠳᠤ ᠬᠠᠷᠢᠶᠠᠯᠠᠭᠳᠠᠵᠤ᠂ ᠶᠡᠷᠦᠩᠬᠡᠶ ᠲᠠᠯᠠᠪᠠᠶ ᠨᠢ | 8070.6 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠡᠭᠦᠨ ᠳᠤ ᠡᠯᠡᠰᠦᠨ ᠴᠥᠯ ᠤᠨ ᠲᠠᠯᠠᠪᠠᠶ ᠨᠢ 83% ᠶᠢ | ᠡᠵᠡᠯᠡᠵᠦ᠂ 8 ᠭᠠᠴᠠᠭ᠎ᠠ ᠲᠠᠢ᠂ ᠭᠠᠴᠠᠭᠠᠨ ᠤ ᠠᠩᠭᠢ ᠶᠢᠨ ᠵᠠᠬᠢᠷᠭ᠎ᠠ ᠬᠤᠭᠤᠷᠣᠨᠳᠣ ᠪᠠᠨ ᠨᠡᠯᠢᠶᠡᠳ ᠵᠠᠶᠢᠲᠠᠢ ᠪᠠᠶᠢᠵᠤ | ᠂ ᠮᠠᠯᠴᠢᠳ ᠲᠠᠷᠠᠬᠠᠶ ᠪᠤᠲᠠᠷᠬᠠᠶ ᠰᠠᠭᠤᠷᠢᠰᠢᠵᠤ᠂ ᠭᠠᠵᠠᠷ ᠰᠢᠨᠵᠢᠯᠡᠭᠡᠨ ᠤ ᠨᠥᠬᠦᠴᠡᠯ ᠢᠶᠠᠷ ᠣᠨᠴᠠᠭᠠᠶ᠂ ᠴᠠᠬᠢᠯᠭᠠᠨ | ᠨᠡᠪᠲᠡᠷᠡᠭᠦᠯᠬᠦ ᠢᠨᠵᠧᠨᠧᠷᠢᠩ ᠤᠨ ᠶᠡᠷᠦᠩᠬᠡᠶ ᠪᠠᠷᠢᠯᠭ᠎ᠠ ᠪᠠᠷᠢᠬᠤ ᠳᠤ ᠨᠡᠯᠢᠶᠡᠳ ᠬᠦᠴᠢᠷᠲᠡᠶ ᠶᠤᠮ᠃ ᠡᠭᠦᠨ ᠠᠴᠠ | ᠡᠮᠦᠨ᠎ᠡ᠂ ᠪᠥᠬᠦ ᠰᠤᠮᠤᠨ ᠳᠤ ᠵᠥᠪᠬᠡᠨ 2 ᠭᠠᠴᠠᠭᠠᠨ ᠤ ᠵᠠᠬᠢᠷᠭ᠎ᠠ ᠪᠠ 32 ᠮᠠᠯᠴᠢᠨ ᠤ ᠠᠶᠢᠯ ᠴᠠᠬᠢᠯᠭᠠᠨ ᠲᠣᠤᠷ | ᠨᠡᠪᠲᠡᠷᠡᠵᠦ ᠪᠠᠶᠢᠪᠠ᠃ ︽ᠭᠠᠴᠠᠭᠠᠨ ᠤ ᠠᠩᠭᠢ ᠶᠢᠨ ᠵᠠᠬᠢᠷᠭ᠎ᠠ ᠶᠢᠨ ᠴᠠᠬᠢᠯᠭᠠᠨ ᠲᠣᠣᠷ ᠨᠡᠪᠲᠡᠷᠡᠭᠦᠯᠬᠦ ᠢᠨᠵᠧᠨᠧᠷᠢᠩ︾ | ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠳᠠᠭᠠᠯᠳᠤᠨ᠂ 2024 ᠣᠨ ᠤ 11 ᠰᠠᠷ᠎ᠠ ᠶᠢᠨ 25 ᠤ ᠡᠳᠦᠷ | ᠪᠣᠯᠲᠠᠯ᠎ᠠ᠂ ᠰᠤᠮᠤᠨ ᠤ ᠬᠠᠷᠢᠶ᠎ᠠ ᠣᠷᠣᠨ ᠳᠤ ᠴᠠᠬᠢᠯᠭᠠᠨ ᠨᠡᠪᠲᠡᠷᠡᠭᠡᠳᠦᠶ 6 ᠭᠠᠴᠠᠭᠠᠨ ᠤ ᠠᠩᠭᠢ ᠶᠢᠨ ᠵᠠᠬᠢᠷᠭ᠎ᠠ | ᠵᠢᠴᠢ ᠵᠠᠮ ᠳᠠᠭᠠᠤ ᠶᠢᠨ 59 ᠡᠷᠦᠬᠡ ᠮᠠᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠪᠡ᠃ | | | | | | | | | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠲᠠ ᠬᠥᠳᠡᠭᠡ ᠳᠤ ᠲᠠᠰᠤᠷᠠᠯᠲᠠ ᠦᠭᠡᠢ ᠲᠦᠭᠡᠮᠡᠯᠵᠢᠭᠦᠯᠬᠦ ᠶᠢ | ᠳᠠᠭᠠᠯᠳᠤᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠴᠠᠬᠢᠯᠭᠠᠨ ᠬᠦᠴᠦᠨ ᠤ | ᠪᠦᠯᠦᠭᠯᠡᠯ ᠤᠨ ᠠᠯᠠᠱᠠ ᠶᠢᠨ ᠲᠩᠷᠢ ᠴᠠᠬᠢᠯᠭᠠᠨ ᠬᠠᠩᠭᠠᠬᠤ ᠺᠣᠮᠫᠠᠨᠢ ᠲᠠᠢ ᠢᠳᠡᠪᠬᠢᠲᠡᠶ ᠬᠠᠷᠢᠯᠴᠠᠵᠤ᠂ ᠰᠤᠮᠤ ᠶᠢᠨ | ᠰᠠᠭᠤᠭ᠎ᠠ ᠭᠠᠵᠠᠷ᠂ ᠵᠢᠰᠦᠨ ᠬᠤᠳᠳᠤᠭ ᠦᠵᠡᠮᠵᠢ ᠶᠢᠨ ᠣᠷᠣᠨ ᠵᠡᠷᠭᠡ 2 ᠭᠠᠵᠠᠷ ᠲᠤ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ | 4 ᠲᠣᠭᠲᠠᠮᠠᠯ ᠲᠦᠷᠭᠡᠨ ᠴᠠᠬᠢᠯᠭᠠᠨ ᠴᠡᠨᠡᠭᠯᠡᠬᠦ ᠪᠠᠭᠠᠨ᠎ᠠ ᠶᠢ ᠣᠲᠣ ᠨᠢᠭᠡᠨᠲᠡ ᠠᠰᠢᠭᠯᠠᠯᠲᠠ ᠳᠤ ᠣᠷᠣᠭᠤᠯᠵᠤ᠂ ᠲᠣᠰ | ᠬᠠᠷᠢᠶ᠎ᠠ ᠣᠷᠣᠨ ᠤ ᠪᠠᠨ S315 ᠵᠠᠮ ᠤᠨ ᠬᠡᠰᠡᠭ᠂ ᠦᠵᠡᠮᠵᠢ ᠶᠢᠨ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ︽ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠪᠠ | ᠵᠤᠭᠠᠴᠠᠭᠰᠠᠳ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠪᠦᠲᠦᠮᠵᠢᠲᠡᠶ ᠬᠠᠩᠭᠠᠵᠤ᠂ ᠪᠣᠬᠢᠷᠲᠤᠯ ᠥᠬᠡᠶ ᠶᠠᠪᠤᠵᠤ | ᠰᠠᠭᠤᠬᠤ ᠳᠤ ᠬᠦᠴᠦᠨ ᠨᠡᠮᠡᠷᠢᠯᠡᠪᠡ᠃ | | |