ᠠᠯᠠᠱᠠ ᠵᠡᠭᠦᠨ ᠬᠤᠰᠢᠭᠤ᠄ ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ ᠪᠠᠭᠠᠨ᠎ᠠ ᠲᠠᠢ ᠪᠣᠯᠪᠠ
ᠨᠡᠶᠢᠲᠡᠯᠡᠭᠰᠡᠨ ᠴᠠᠭ᠄
2024/12/20
     ᠣᠯᠠᠨ ᠲᠦᠮᠡᠨ ᠤ ︽ᠲᠡᠷᠭᠡ ᠵᠣᠭᠰᠣᠭᠠᠬᠤ ᠳᠤ ᠬᠦᠴᠢᠷ︾ ︽ᠴᠠᠬᠢᠯᠭᠠᠨ ᠴᠡᠨᠡᠭᠯᠡᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠢᠳᠡᠪᠬᠢᠲᠡᠶ ᠠᠬᠢᠭᠤᠯᠬᠤ ᠶᠢᠨ ᠲᠥᠯᠥᠭᠡ᠂ ᠡᠨᠡ ᠵᠢᠯ᠂ ᠠᠯᠠᠱᠠ ᠵᠡᠭᠦᠨ ᠬᠤᠰᠢᠭᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠢᠴᠢ ᠣᠶᠤᠨᠴᠢ ᠪᠠᠷ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠪᠡ᠃    ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠪᠥᠲᠥᠭᠡᠨ ᠪᠠᠶᠢᠭᠤᠯᠬᠤ ᠪᠣᠯ ᠬᠤᠲᠠ ᠶᠢᠨ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠤᠨ ᠨᠢᠭᠡ ᠮᠥᠨ᠃ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠠᠯ᠎ᠠ᠂ ᠪᠠᠶᠠᠨᠬᠤᠲᠠ ᠪᠠᠯᠭᠠᠰᠤᠨ ᠤ ᠬᠤᠩ ᠸᠧᠶ ᠬᠥᠭᠦᠷᠭᠡ ᠶᠢᠨ ᠪᠠᠷᠠᠭᠤᠨ ᠲᠠᠯ᠎ᠠ᠂ ᠲᠠᠢ ᠰᠢ ᠬᠤᠳᠠᠯᠳᠤᠭᠠᠨ ᠤ ᠬᠤᠲᠠ ᠶᠢᠨ ᠪᠠᠷᠠᠭᠤᠨ ᠲᠠᠯ᠎ᠠ ᠵᠡᠷᠭᠡ ᠰᠢᠨ᠎ᠡ ᠪᠠᠷ ᠪᠠᠶᠢᠭᠤᠯᠤᠭᠰᠠᠨ ᠲᠡᠷᠭᠡᠨ ᠵᠣᠭᠰᠣᠭᠠᠯ ᠨᠢ ᠠᠷᠠᠳ ᠲᠤ ᠲᠥᠬᠦᠮ ᠦᠵᠡᠭᠦᠯᠬᠦ ᠣᠯᠠᠨ ᠨᠡᠶᠢᠲᠡ ᠶᠢᠨ ᠲᠡᠷᠭᠡᠨ ᠵᠣᠭᠰᠣᠭᠠᠯ ᠪᠣᠯᠪᠠ᠃ ᠣᠶᠢᠯᠠᠭᠠᠭᠰᠠᠨ ᠢᠶᠠᠷ᠂ ᠡᠨᠡ ᠵᠢᠯ ᠠᠯᠠᠱᠠ ᠵᠡᠭᠦᠨ ᠬᠤᠰᠢᠭᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠨᠡᠶᠢᠲᠡ 7 ᠪᠠᠶᠢᠭᠤᠯᠵᠤ᠂ ᠪᠠᠶᠠᠨᠬᠤᠲᠠ ᠪᠠᠯᠭᠠᠰᠤᠨ ᠤ ᠬᠥᠮᠦᠨ ᠤ ᠤᠷᠤᠰᠬᠠᠯ᠂ ᠲᠡᠷᠭᠡᠨ ᠤ ᠤᠷᠤᠰᠬᠠᠯ ᠨᠡᠯᠢᠶᠡᠳ ᠲᠥᠪᠯᠡᠷᠡᠭᠰᠡᠨ ᠣᠷᠣᠨ ᠳᠤ ᠲᠣᠰ ᠲᠣᠰ 2.9 ᠲᠦᠮᠡᠨ ᠲᠡᠭᠰᠢ ᠳᠥᠷᠪᠡᠯᠵᠢᠨ ᠮᠧᠲᠷ᠂ 1100 ᠲᠡᠷᠭᠡᠨ ᠵᠣᠭᠰᠣᠭᠠᠯ ᠤᠨ ᠣᠷᠣ ᠶᠢ ᠲᠥᠯᠥᠪᠵᠢᠭᠦᠯᠵᠡᠶ᠃    ᠠᠯᠠᠱᠠ ᠵᠡᠭᠦᠨ ᠬᠤᠰᠢᠭᠤ ᠪᠠᠰᠠ ᠲᠦᠷ ᠴᠠᠭ ᠤᠨ ᠲᠡᠷᠭᠡᠨ ᠵᠣᠭᠰᠣᠭᠠᠯ ᠪᠠᠶᠢᠷᠢᠯᠠᠭᠤᠯᠬᠤ᠂ ᠲᠦᠷ ᠴᠠᠭ ᠤᠨ ᠲᠡᠷᠭᠡᠨ ᠵᠣᠭᠰᠣᠭᠠᠯ ᠢ ᠵᠢᠷᠤᠬᠤ᠂ ᠵᠣᠭᠰᠣᠭᠠᠯ ᠢ ᠬᠠᠮᠲᠤ ᠪᠠᠷ ᠭᠥᠷᠳᠡᠬᠦ ᠶᠢ ᠵᠣᠷᠢᠭᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂  ᠲᠡᠷᠭᠡᠨ ᠵᠣᠭᠰᠣᠭᠠᠯ ᠢ ᠪᠦᠲᠦᠮᠵᠢᠲᠡᠶ ᠠᠰᠢᠭᠯᠠᠵᠤ᠂ ᠢᠳᠡᠭᠡᠨ ᠤᠮᠳᠠᠭᠠᠨ ᠲᠥᠪᠯᠡᠷᠡᠭᠰᠡᠨ ᠣᠷᠣᠨ᠂ ᠬᠤᠳᠠᠯᠳᠤᠭᠠᠨ ᠤ ᠵᠡᠭᠡᠯᠢ ᠲᠣᠭᠤᠷᠢᠭ ᠪᠠ ᠰᠤᠷᠭᠠᠭᠤᠯᠢ ᠶᠢᠨ ᠡᠷᠬᠢᠨ ᠲᠣᠭᠤᠷᠢᠨ ᠤ ︽ᠲᠡᠷᠭᠡ ᠵᠣᠭᠰᠣᠭᠠᠬᠤ ᠳᠤ ᠬᠦᠴᠢᠷ︾ ᠪᠠᠶᠢᠬᠤ ᠠᠰᠠᠭᠤᠳᠠᠯ ᠢ ᠨᠠᠮᠳᠠᠭᠤᠯᠪᠠ᠃
   ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠭᠡᠮᠡᠯᠵᠢᠬᠦ ᠶᠢ ᠳᠠᠭᠠᠯᠳᠤᠨ᠂ ᠳᠥᠭᠦᠮ ᠳᠥᠲᠡ ᠴᠠᠬᠢᠯᠭᠠᠨ ᠴᠡᠨᠡᠭᠯᠡᠬᠦ ᠦᠢᠯᠡᠴᠢᠯᠡᠭᠡ ᠨᠢ ᠴᠦ ᠠᠷᠠᠳ ᠣᠯᠠᠨ ᠤ ᠶᠠᠪᠤᠵᠤ ᠰᠠᠭᠤᠬᠤ ︽ᠬᠡᠷᠡᠭᠴᠡᠭᠡ︾ ᠪᠣᠯᠤᠭᠰᠠᠨ ᠪᠠᠶᠢᠨ᠎ᠠ᠃ ᠥᠷᠭᠡᠨ ᠣᠯᠠᠨ ᠲᠡᠷᠭᠡᠨ ᠤ ᠡᠵᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤ ᠢᠳᠡᠪᠬᠢᠲᠡᠶ ᠠᠷᠭ᠎ᠠ ᠰᠦᠪᠡᠭᠴᠢᠯᠡᠵᠦ᠂ ᠵᠦᠶ ᠵᠣᠬᠢᠰᠲᠠᠶ ᠪᠠᠶᠢᠷᠢᠰᠢᠭᠤᠯᠤᠨ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃    ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ     ᠭᠦᠸᠧ ᠰᠢᠤᠸᠠᠢ ᠹᠧᠩ     ᠡᠨᠡ ᠵᠢᠯ᠂ ᠠᠯᠠᠱᠠ ᠵᠡᠭᠦᠨ ᠬᠤᠰᠢᠭᠤ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ 23 ᠣᠯᠠᠨ ᠨᠡᠶᠢᠲᠡ ᠶᠢᠨ ᠲᠡᠷᠭᠡᠨ ᠵᠣᠭᠰᠣᠭᠠᠯ ᠳᠤ 113 ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠲᠥᠯᠥᠪᠵᠢᠭᠦᠯᠦᠨ ᠪᠠᠶᠢᠭᠤᠯᠵᠤ᠂ 10 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠠᠰᠢᠭᠯᠠᠯᠲᠠ ᠳᠤ ᠣᠷᠣᠭᠤᠯᠪᠠ᠃ ᠡᠲᠡᠭᠡᠷ ᠴᠠᠬᠢᠯᠭᠠᠨ ᠴᠡᠨᠡᠭᠯᠡᠬᠦ ᠪᠠᠭᠠᠨ᠎ᠠ ᠨᠢ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠵᠤ᠂ ᠥᠷᠭᠡᠨ ᠣᠯᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠴᠠᠬᠢᠯᠭᠠᠨ ᠴᠡᠨᠡᠭᠯᠡᠬᠦ ᠦᠢᠯᠡᠴᠢᠯᠡᠭᠡ ᠬᠠᠩᠭᠠᠪᠠ᠃   ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠪᠦᠷᠢᠳᠬᠡᠯ ᠢ ᠦᠨᠳᠦᠰᠦᠯᠡᠪᠡᠯ᠂10 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠠᠯᠠᠱᠠ ᠠᠶᠢᠮᠠᠭ ᠲᠤ ᠨᠡᠶᠢᠲᠡ 2857 ᠰᠢᠨ᠎ᠡ ᠡᠨᠧᠷᠭᠢ ᠶᠢᠨ ᠮᠠᠰᠢᠨ ᠲᠡᠷᠭᠡ ᠲᠠᠢ ᠪᠣᠯᠵᠣ᠂ ᠨᠢᠭᠡᠨᠲᠡ 1426 ᠨᠡᠶᠢᠲᠡ ᠶᠢᠨ ᠴᠠᠬᠢᠯᠭᠠᠨ ᠴᠡᠨᠡᠭᠯᠡᠭᠦᠷ ᠢ ᠪᠠᠶᠢᠭᠤᠯᠵᠤ᠂ ᠨᠡᠶᠢᠲᠡ ᠶᠢᠨ ᠪᠠ ᠬᠤᠪᠢ ᠬᠦᠮᠦᠨ ᠤ ᠴᠠᠬᠢᠯᠭᠠᠨ ᠴᠡᠨᠡᠭᠯᠡᠭᠦᠷ 973 ᠪᠠᠶᠢᠵᠤ᠂ ᠨᠠᠶᠢᠳᠠ 2399 ᠪᠠᠶᠢᠵᠤ᠂ ᠲᠤᠭ᠎ᠠ ᠪᠠᠷᠢᠮᠲᠠ ᠠᠴᠠ ᠦᠵᠡᠪᠡᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠪᠠ ᠴᠠᠬᠢᠯᠭᠠᠨ ᠴᠡᠨᠡᠭᠯᠡᠭᠦᠷ ᠤᠨ ᠲᠤᠭ᠎ᠠ ᠨᠢᠭᠡᠨᠲᠡ 1᠄ 0.84 ᠪᠣᠯᠵᠣ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠡᠶ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号