ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ 6 ᠭᠠᠴᠠᠭᠠᠨ ᠤ ᠠᠩᠭᠢ ᠶᠢᠨ ᠵᠠᠬᠢᠷᠭ᠎ᠠ ᠴᠠᠬᠢᠯᠭᠠᠨ ᠲᠣᠣᠷ ᠢᠶᠠᠨ ᠠᠮᠵᠢᠯᠲᠠ ᠲᠠᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/12/20
     ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠵᠠᠰᠠᠭ ᠵᠠᠬᠢᠷᠭᠠᠨ ᠤ ᠲᠣᠰᠬᠤᠨ ᠤ ᠠᠩᠭᠢ ᠶᠢᠨ ᠵᠠᠬᠢᠷᠭ᠎ᠠ ᠶᠢᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠶᠡᠬᠡᠪᠡᠷ ᠠᠬᠢᠭᠤᠯᠬᠤ ᠶᠢᠨ ᠲᠦᠯᠦᠭᠡ  ᠂ ᠡᠷᠬᠡᠬᠠᠰᠢᠬ᠎ᠠ ᠰᠤᠮᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠲᠩᠷᠢ ᠴᠠᠬᠢᠯᠭᠠᠨ ᠬᠠᠩᠭᠠᠬᠤ ᠺᠣᠮᠫᠠᠨᠢ ᠶᠢᠨ 3115.4637 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠢᠳᠡᠪᠬᠢᠲᠡᠶ ᠵᠣᠬᠢᠴᠠᠭᠤᠯᠵᠤ᠂ ᠲᠩᠷᠢ ᠡᠯᠡᠰᠦᠨ ᠳᠤ 163.26 ᠺᠢᠯᠤᠮᠧᠲᠷ ᠤᠨ ᠴᠠᠬᠢᠯᠭᠠᠨ ᠬᠦᠷᠭᠡᠬᠦ ᠱᠤᠭᠤᠮ ᠪᠤᠰᠬᠠᠵᠤ᠂ ︽ᠡᠷᠬᠡᠬᠠᠰᠢᠬ᠎ᠠ ᠰᠤᠮᠤ ᠭᠠᠴᠠᠭᠠᠨ ᠤ ᠠᠩᠭᠢ ᠶᠢᠨ ᠵᠠᠬᠢᠷᠭ᠎ᠠ ᠶᠢᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠡᠯᠡᠰᠦᠨ ᠴᠦᠯ ᠤᠨ ᠮᠠᠯᠴᠢᠳ ᠢ ︽ᠰᠠᠯᠬᠢ ᠭᠡᠷᠡᠯ ᠢ ᠬᠠᠷᠢᠯᠴᠠᠨ ᠨᠥᠬᠦᠪᠥᠷᠢᠯᠡᠵᠤ ᠴᠠᠬᠢᠯᠭᠠᠨ ᠭᠠᠷᠭᠠᠬᠤ + ᠴᠠᠬᠢᠯᠭᠠᠨ ᠭᠠᠷᠭᠠᠬᠤ ᠮᠠᠰᠢᠨ︾  ᠤ ᠴᠠᠭ ᠦᠶ᠎ᠡ ᠠᠴᠠ ︽ᠲᠣᠮᠣ  ᠴᠠᠬᠢᠯᠭᠠᠨ ᠲᠣᠤᠷ︾ ᠤᠨ ᠴᠠᠬᠢᠯᠭᠠᠨ ᠬᠡᠷᠡᠭᠯᠡᠬᠦ ᠴᠠᠭ ᠦᠶ᠎ᠡ ᠳᠤ ᠬᠦᠷᠭᠡᠪᠡ᠃    ᠡᠷᠬᠡᠬᠠᠰᠢᠬ᠎ᠠ ᠰᠤᠮᠤ ᠳᠤᠮᠳᠠᠳᠤ ᠤᠯᠤᠰ ᠤᠨ ᠳᠥᠷᠪᠡᠳᠦᠭᠡᠷ ᠶᠡᠭᠡ ᠡᠯᠡᠰᠦᠨ ᠴᠥᠯ ᠤᠨ ᠲᠩᠷᠢ ᠡᠯᠡᠰᠦᠨ ᠴᠥᠯ ᠤᠨ ᠥᠷᠥᠴᠡ ᠳᠤ ᠪᠠᠶᠢᠷᠢᠯᠠᠵᠤ᠂ ᠠᠯᠠᠱᠠ ᠵᠡᠭᠦᠨ ᠬᠤᠰᠢᠭᠤᠨ ᠳᠤ ᠬᠠᠷᠢᠶᠠᠯᠠᠭᠳᠠᠵᠤ᠂ ᠶᠡᠷᠦᠩᠬᠡᠶ ᠲᠠᠯᠠᠪᠠᠶ ᠨᠢ 8070.6 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠡᠭᠦᠨ ᠳᠤ ᠡᠯᠡᠰᠦᠨ ᠴᠥᠯ ᠤᠨ ᠲᠠᠯᠠᠪᠠᠶ ᠨᠢ 83% ᠶᠢ ᠡᠵᠡᠯᠡᠵᠦ᠂ 8 ᠭᠠᠴᠠᠭ᠎ᠠ ᠲᠠᠢ᠂ ᠭᠠᠴᠠᠭᠠᠨ ᠤ ᠠᠩᠭᠢ ᠶᠢᠨ ᠵᠠᠬᠢᠷᠭ᠎ᠠ ᠬᠤᠭᠤᠷᠣᠨᠳᠣ ᠪᠠᠨ ᠨᠡᠯᠢᠶᠡᠳ ᠵᠠᠶᠢᠲᠠᠢ ᠪᠠᠶᠢᠵᠤ ᠂ ᠮᠠᠯᠴᠢᠳ ᠲᠠᠷᠠᠬᠠᠶ ᠪᠤᠲᠠᠷᠬᠠᠶ ᠰᠠᠭᠤᠷᠢᠰᠢᠵᠤ᠂ ᠭᠠᠵᠠᠷ ᠰᠢᠨᠵᠢᠯᠡᠭᠡᠨ ᠤ ᠨᠥᠬᠦᠴᠡᠯ ᠢᠶᠠᠷ ᠣᠨᠴᠠᠭᠠᠶ᠂ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠶᠡᠷᠦᠩᠬᠡᠶ ᠪᠠᠷᠢᠯᠭ᠎ᠠ ᠪᠠᠷᠢᠬᠤ ᠳᠤ ᠨᠡᠯᠢᠶᠡᠳ ᠬᠦᠴᠢᠷᠲᠡᠶ ᠶᠤᠮ᠃ ᠡᠭᠦᠨ ᠠᠴᠠ ᠡᠮᠦᠨ᠎ᠡ᠂ ᠪᠥᠬᠦ ᠰᠤᠮᠤᠨ ᠳᠤ ᠵᠥᠪᠬᠡᠨ 2 ᠭᠠᠴᠠᠭᠠᠨ ᠤ ᠵᠠᠬᠢᠷᠭ᠎ᠠ ᠪᠠ 32 ᠮᠠᠯᠴᠢᠨ ᠤ ᠠᠶᠢᠯ ᠴᠠᠬᠢᠯᠭᠠᠨ ᠲᠣᠤᠷ ᠨᠡᠪᠲᠡᠷᠡᠵᠦ ᠪᠠᠶᠢᠪᠠ᠃ ︽ᠭᠠᠴᠠᠭᠠᠨ ᠤ ᠠᠩᠭᠢ ᠶᠢᠨ ᠵᠠᠬᠢᠷᠭ᠎ᠠ ᠶᠢᠨ ᠴᠠᠬᠢᠯᠭᠠᠨ ᠲᠣᠣᠷ ᠨᠡᠪᠲᠡᠷᠡᠭᠦᠯᠬᠦ ᠢᠨᠵᠧᠨᠧᠷᠢᠩ︾ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠳᠠᠭᠠᠯᠳᠤᠨ᠂ 2024 ᠣᠨ ᠤ 11 ᠰᠠᠷ᠎ᠠ ᠶᠢᠨ 25 ᠤ ᠡᠳᠦᠷ ᠪᠣᠯᠲᠠᠯ᠎ᠠ᠂ ᠰᠤᠮᠤᠨ ᠤ ᠬᠠᠷᠢᠶ᠎ᠠ ᠣᠷᠣᠨ ᠳᠤ ᠴᠠᠬᠢᠯᠭᠠᠨ ᠨᠡᠪᠲᠡᠷᠡᠭᠡᠳᠦᠶ 6 ᠭᠠᠴᠠᠭᠠᠨ ᠤ ᠠᠩᠭᠢ ᠶᠢᠨ ᠵᠠᠬᠢᠷᠭ᠎ᠠ ᠵᠢᠴᠢ ᠵᠠᠮ ᠳᠠᠭᠠᠤ ᠶᠢᠨ 59 ᠡᠷᠦᠬᠡ ᠮᠠᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠪᠡ᠃
   ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠲᠠ ᠬᠥᠳᠡᠭᠡ ᠳᠤ ᠲᠠᠰᠤᠷᠠᠯᠲᠠ ᠦᠭᠡᠢ ᠲᠦᠭᠡᠮᠡᠯᠵᠢᠭᠦᠯᠬᠦ ᠶᠢ ᠳᠠᠭᠠᠯᠳᠤᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠲᠩᠷᠢ ᠴᠠᠬᠢᠯᠭᠠᠨ ᠬᠠᠩᠭᠠᠬᠤ ᠺᠣᠮᠫᠠᠨᠢ ᠲᠠᠢ ᠢᠳᠡᠪᠬᠢᠲᠡᠶ ᠬᠠᠷᠢᠯᠴᠠᠵᠤ᠂ ᠰᠤᠮᠤ ᠶᠢᠨ ᠰᠠᠭᠤᠭ᠎ᠠ ᠭᠠᠵᠠᠷ᠂ ᠵᠢᠰᠦᠨ ᠬᠤᠳᠳᠤᠭ ᠦᠵᠡᠮᠵᠢ ᠶᠢᠨ ᠣᠷᠣᠨ ᠵᠡᠷᠭᠡ 2 ᠭᠠᠵᠠᠷ ᠲᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 4 ᠲᠣᠭᠲᠠᠮᠠᠯ ᠲᠦᠷᠭᠡᠨ ᠴᠠᠬᠢᠯᠭᠠᠨ ᠴᠡᠨᠡᠭᠯᠡᠬᠦ ᠪᠠᠭᠠᠨ᠎ᠠ ᠶᠢ ᠣᠲᠣ ᠨᠢᠭᠡᠨᠲᠡ ᠠᠰᠢᠭᠯᠠᠯᠲᠠ ᠳᠤ ᠣᠷᠣᠭᠤᠯᠵᠤ᠂ ᠲᠣᠰ ᠬᠠᠷᠢᠶ᠎ᠠ ᠣᠷᠣᠨ ᠤ ᠪᠠᠨ S315 ᠵᠠᠮ ᠤᠨ ᠬᠡᠰᠡᠭ᠂ ᠦᠵᠡᠮᠵᠢ ᠶᠢᠨ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ︽ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠪᠠ ᠵᠤᠭᠠᠴᠠᠭᠰᠠᠳ ᠤᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠪᠦᠲᠦᠮᠵᠢᠲᠡᠶ ᠬᠠᠩᠭᠠᠵᠤ᠂ ᠪᠣᠬᠢᠷᠲᠤᠯ ᠥᠬᠡᠶ ᠶᠠᠪᠤᠵᠤ ᠰᠠᠭᠤᠬᠤ ᠳᠤ ᠬᠦᠴᠦᠨ ᠨᠡᠮᠡᠷᠢᠯᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号