﹇ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ﹈ ᠡᠵᠡᠨ᠎ᠡ ᠬᠤᠰᠢᠭᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2024/12/23
                                 ᠶᠠᠩ ᠭᠤᠸ᠎ᠠ               ᠣᠶᠢᠷ᠎ᠠ ᠶᠢᠨ ᠵᠢᠯ ᠠᠴᠠ ᠨᠠᠭᠠᠰᠢ᠂ ᠡᠵᠡᠨ᠎ᠡ ᠬᠤᠰᠢᠭᠤᠨ ᠤ ᠬᠢᠨ ᠵᠢᠭᠠᠨ ᠰᠤᠷᠭᠠᠯᠲᠠ ᠶᠢᠨ ︽ᠲᠠᠪᠤ ᠶᠢ ᠪᠣᠳᠠᠲᠠᠶᠢᠵᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠷᠴᠢᠮᠲᠡᠢ ᠶᠠᠪᠤᠭᠳᠠᠭᠤᠯᠵᠤ ᠪᠤᠢ᠃              ᠡᠵᠡᠨ᠎ᠡ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠲᠣᠭᠠᠨ ᠤ ᠪᠠᠭᠰᠢ ᠨᠠᠬᠢᠶ᠎ᠠ ᠰᠤᠷᠤᠬᠴᠢᠳ ᠤᠨ ᠣᠨᠴᠠᠯᠢᠭ ᠲᠤ ᠲᠣᠬᠢᠷᠠᠭᠤᠯᠤᠨ᠂ ᠬᠡᠦᠬᠡᠳ ᠢ ᠵᠢᠭᠠᠨ ᠵᠢᠯᠤᠭᠤᠳᠴᠤ ᠳᠠᠯᠳᠠ ᠴᠢᠳᠠᠪᠤᠷᠢ ᠶᠢ ᠨᠢ ᠪᠠᠳᠠᠷᠠᠭᠤᠯᠤᠨ᠂ ᠰᠤᠷᠤᠯᠴᠠᠬᠤ ᠤᠷᠮ᠎ᠠ ᠵᠣᠷᠢᠭ ᠢ ᠨᠢ ᠬᠥᠭᠵᠢᠭᠡᠨ᠂ ᠰᠡᠳᠬᠢᠬᠦ ᠴᠢᠳᠠᠪᠤᠷᠢ ᠶᠢ ᠨᠢ ᠲᠡᠭᠡᠭᠰᠢᠯᠡᠭᠦᠯᠭᠦ ᠪᠠᠷ ᠴᠢᠷᠮᠠᠶᠢᠳᠠᠭ᠃ ᠡᠭᠦᠨ ᠤ ᠬᠠᠮᠲᠤ ᠲᠡᠷᠡ ᠪᠠᠰᠠ ᠲᠤᠰᠬᠠᠢ ᠮᠡᠷᠭᠡᠵᠢᠯ ᠤᠨ ᠮᠡᠳᠡᠯᠭᠡ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠰᠤᠷᠤᠬᠴᠢᠳ ᠲᠤ ᠠᠮᠢᠳᠤᠯᠢᠭ ᠮᠥᠷᠲᠡᠭᠡᠨ ᠰᠣᠨᠢᠷᠬᠠᠯᠲᠠᠢ ᠪᠠᠷ ᠬᠢᠴᠢᠶᠡᠯᠯᠡᠳᠡᠭ᠃ ᠨᠠᠬᠢᠶ᠎ᠠ ᠪᠠᠭᠰᠢ᠄ ︽ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠣᠳᠠᠲᠠᠢ ᠬᠡᠷᠡᠭᠯᠡᠬᠦ ᠳᠤᠮᠳᠠ᠂ ᠪᠠᠭᠰᠢ ᠪᠣᠯᠣᠨ ᠰᠤᠷᠤᠬᠴᠢᠳ ᠲᠤ ᠠᠵᠠ ᠲᠣᠭᠢᠶᠠᠯ ᠣᠯᠭᠤᠭᠰᠠᠨ ᠮᠥᠷᠲᠡᠭᠡᠨ ᠪᠠᠰᠠ ᠥᠷᠢᠰᠦᠯᠳᠦᠭᠡᠨ ᠢ ᠠᠪᠴᠢᠷᠠᠵᠠᠢ᠃ ᠡᠳᠡᠭᠡᠷ ᠨᠢ ᠪᠠᠭᠰᠢ ᠨᠠᠷ ᠲᠤ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠩᠭᠠᠭᠰᠠᠨ ᠶᠤᠮ᠂ ᠪᠢᠳᠡ ᠡᠨᠡ ᠬᠦ ᠵᠠᠪᠰᠢᠶᠠᠨ ᠢ ᠨᠠᠨᠳᠢᠩᠨᠠᠬᠤ ᠶᠢᠨ ᠬᠠᠮᠲᠤ ᠵᠢᠭᠠᠨ ᠰᠤᠷᠭᠠᠯᠲᠠ ᠳᠠᠭᠠᠨ ᠨᠡᠩ ᠨᠠᠷᠢᠨ ᠬᠢᠨᠠᠮᠠᠭᠠᠢ ᠬᠠᠨᠳᠤᠨ᠎ᠠ︾ ᠭᠡᠵᠦ ᠬᠡᠯᠡᠵᠦ ᠪᠠᠶᠢᠯ᠎ᠠ᠃              ᠣᠶᠢᠯᠠᠭᠠᠭᠰᠠᠨ ᠢᠶᠠᠷ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠮᠠᠰᠢ ᠣᠯᠠᠨ ᠢᠵᠢ ᠪᠦᠷᠢᠳᠦᠭᠰᠡᠨ ᠵᠢᠭᠠᠨ ᠰᠤᠷᠭᠠᠯᠲᠠ ᠶᠢᠨ ᠬᠠᠪᠰᠤᠷᠤᠮᠵᠢ ᠮᠠᠲ᠋ᠧᠷᠢᠶᠠᠯ ᠪᠠ ᠰᠦᠯᠵᠢᠶᠡᠨ ᠤ ᠵᠢᠭᠠᠨ ᠰᠤᠷᠭᠠᠯᠲᠠ ᠶᠢᠨ ᠲᠠᠪᠴᠠᠩ ᠢ ᠬᠠᠩᠭᠠᠵᠤ ᠪᠠᠶᠢᠨ᠎ᠠ᠃ ᠪᠠᠭᠰᠢ ᠨᠠᠷ ᠥᠪᠡᠷ ᠤᠨ ᠬᠡᠷᠡᠭᠴᠡᠭᠡ ᠪᠠᠨ ᠦᠨᠳᠦᠰᠦᠯᠡᠨ ᠡᠬᠢ ᠪᠠᠶᠠᠯᠢᠭ ᠢ ᠭᠦᠢᠴᠡᠳ ᠠᠰᠢᠭᠯᠠᠨ᠂ ᠵᠢᠭᠠᠬᠤ ᠠᠭᠤᠯᠭ᠎ᠠ ᠪᠠᠨ ᠪᠠᠶᠠᠯᠢᠭᠵᠢᠭᠤᠯᠤᠨ᠂ ᠵᠢᠭᠠᠨ ᠰᠤᠷᠭᠠᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠪᠣᠯᠣᠨ᠎ᠠ᠃ ᠡᠭᠦᠨ ᠤ ᠬᠠᠮᠲᠤ᠂ ᠰᠤᠷᠤᠬᠴᠢᠳ ᠪᠠᠰᠠ ᠡᠲᠡᠭᠡᠷ ᠡᠬᠢ ᠪᠠᠶᠠᠯᠢᠭ ᠢᠶᠠᠷ ᠳᠡᠮᠵᠢᠨ ᠬᠠᠮᠢᠶ᠎ᠠ ᠪᠦᠬᠦᠢ ᠮᠡᠳᠡᠯᠭᠡ ᠶᠢ ᠪᠠᠲᠤᠳᠬᠠᠨ᠂ ᠥᠪᠡᠷ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠪᠤᠯᠳᠠᠭ᠃              ᠡᠵᠡᠨ᠎ᠡ ᠬᠤᠰᠢᠭᠤᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠦᠵᠡᠯ ᠰᠠᠨᠠᠭ᠎ᠠ ᠤᠯᠤᠰ ᠲᠥᠷᠥ ᠶᠢᠨ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ ᠴᠧᠨ ᠼᠠᠢ ᠶᠦᠨ ᠪᠣᠯ ︽ᠡᠵᠡᠨ᠎ᠡ ᠬᠤᠰᠢᠭᠤᠨ ᠤ ᠦᠵᠡᠯ ᠰᠠᠨᠠᠭ᠎ᠠ ᠤᠯᠤᠰ ᠲᠥᠷᠥ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠳᠠᠭᠠᠭᠤᠯᠤᠭᠴᠢ ᠮᠥᠨ᠂ ᠲᠡᠷᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠪᠠᠷ ᠬᠦᠴᠦᠯᠡᠨ ᠴᠢᠷᠮᠠᠶᠢᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠷᠲᠡᠭ ᠢᠶᠠᠷ ᠬᠥᠲᠥᠯᠥᠨ ᠳᠠᠭᠠᠭᠤᠯᠬᠤ ᠴᠢᠳᠠᠮᠵᠢ ᠶᠢ ᠴᠢᠩᠭᠠᠳᠬᠠᠪᠠ᠃ ᠲᠡᠷᠡ ᠨᠠᠢᠮᠠᠳᠤᠭᠠᠷ ᠣᠨ ᠤ ᠶᠣᠰᠣ ᠰᠤᠷᠲᠠᠬᠤᠨ ᠪᠣᠯᠣᠨ ᠬᠠᠤᠯᠢᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠭᠰᠡᠨ ᠢᠶᠠᠷ ᠪᠠᠷᠠᠬᠤ ᠦᠭᠡᠢ ᠪᠠᠰᠠ ᠵᠠᠯᠠᠭᠤ ᠪᠠᠭᠰᠢ ᠶᠢ ᠬᠥᠮᠥᠵᠢᠭᠦᠯᠬᠦ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠪᠣᠯᠣᠨ ᠬᠠᠤᠯᠢᠵᠢᠯ ᠤᠨ ᠬᠢᠴᠢᠶᠡᠯ ᠢ ᠵᠡᠷᠭᠡᠪᠡᠷ ᠵᠢᠭᠠᠬᠤ ᠶᠢ ᠰᠤᠳᠤᠯᠬᠤ ᠠᠵᠢᠯ ᠳᠤ ᠢᠳᠡᠪᠬᠢᠲᠡᠢ ᠣᠷᠣᠯᠴᠠᠵᠠᠢ᠃              ᠴᠧᠨ ᠼᠠᠢ ᠶᠦᠨ ᠰᠤᠷᠪᠤᠯᠵᠢᠯᠠᠬᠴᠢ ᠳᠤ᠄ ︽ᠪᠦᠭᠦ ᠠᠶᠢᠮᠠᠭ ᠤᠨ 1+1+1+2 ᠭᠤᠷᠪᠠᠨ ᠲᠠᠯ᠎ᠠ ᠶᠢᠨ ᠬᠠᠮᠲᠤᠪᠠᠷ ᠵᠢᠭᠠᠨ ᠰᠤᠳᠤᠯᠬᠤ ᠵᠡᠷᠭᠡ ᠰᠢᠷᠢᠰ ᠭᠤᠣᠯ ᠰᠡᠳᠦᠪᠲᠦ ᠵᠢᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠪᠠᠭᠰᠢ ᠶᠢᠨ ᠲᠤᠰᠬᠠᠢ ᠮᠡᠷᠭᠡᠵᠢᠯ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠶᠡᠬᠡᠪᠡᠷ ᠳᠡᠭᠡᠭᠰᠢᠯᠡᠭᠦᠯᠪᠡ᠃ ᠡᠭᠦᠨ ᠤ ᠵᠡᠷᠭᠡ ᠳᠤ ᠰᠤᠷᠤᠬᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠪᠠᠷ ᠤᠩᠰᠢᠬᠤ᠂ ᠰᠡᠳᠬᠢᠬᠦ᠂ ᠪᠢᠴᠢᠬᠦ ᠪᠠ ᠵᠠᠳᠠᠯᠬᠤ ᠴᠢᠳᠠᠪᠤᠷᠢ ᠴᠤ ᠨᠡᠯᠢᠶᠡᠳ ᠶᠡᠭᠡ ᠬᠡᠮᠵᠢᠶ᠎ᠡ ᠪᠠᠷ ᠳᠡᠭᠡᠭᠰᠢᠯᠡᠵᠡᠢ᠃ ᠠᠬᠠᠮᠠᠳ ᠪᠠᠭᠰᠢ ᠪᠣᠯᠤᠭᠰᠠᠨ ᠤ ᠬᠤᠪᠢ ᠳᠤ᠂ ᠰᠤᠷᠭᠠᠨ ᠬᠥᠮᠦᠵᠢᠯ ᠢ ᠳᠡᠮᠵᠢᠬᠦ ᠨᠢ ᠰᠤᠷᠤᠬᠴᠢᠳ ᠲᠤ ᠮᠡᠳᠡᠯᠭᠡ ᠤᠯᠠᠮᠵᠢᠯᠠᠬᠤ ᠪᠠᠷ ᠪᠠᠷᠠᠬᠤ ᠦᠭᠡᠢ᠂ ᠨᠠᠩ ᠴᠢᠬᠤᠯᠠ ᠨᠢ ᠰᠤᠷᠭᠠᠨ ᠬᠥᠮᠦᠵᠢᠯ ᠤᠨ ᠦᠨ᠎ᠡ ᠥᠷᠲᠡᠭ ᠢ ᠤᠯᠠᠮᠵᠢᠯᠠᠬᠤ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠠᠵᠢᠯ ᠮᠡᠷᠭᠡᠵᠢᠯ ᠤᠨ ᠮᠡᠳᠡᠷᠡᠮᠵᠢ ᠶᠢ ᠬᠥᠮᠥᠵᠢᠭᠦᠯᠬᠦ ᠶᠠᠪᠤᠳᠠᠯ ᠪᠣᠯᠣᠨ᠎ᠠ᠃ ᠲᠠᠷᠠᠭᠠᠴᠢ ᠪᠠᠷ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠲᠠᠯ᠎ᠠ ᠪᠠᠷ ᠨᠡᠩ ᠬᠠᠷᠢᠭᠤᠴᠠᠯᠭ᠎ᠠ ᠲᠠᠢ ᠬᠠᠨᠳᠤᠨ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢᠶᠠᠷ ᠲᠠᠪᠴᠠᠩ ᠪᠣᠯᠭᠠᠨ᠂ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠡᠩᠨᠡᠭᠡ ᠶᠢ ᠰᠠᠶᠢᠲᠤᠷ ᠳᠠᠭᠠᠭᠤᠯᠵᠤ᠂ ᠪᠠᠭᠰᠢ ᠨᠠᠷ ᠲᠠᠢ ᠪᠠᠨ ᠬᠠᠮᠲᠤ ᠪᠠᠷ ᠦᠰᠦᠨ ᠪᠣᠶᠢᠵᠢᠨ᠎ᠠ︾ ᠭᠡᠵᠦ ᠪᠠᠶᠠᠷᠲᠠᠶᠢᠬᠠᠨ ᠶᠠᠷᠢᠵᠤ ᠪᠠᠶᠢᠯ᠎ᠠ᠃              ᠡᠵᠡᠨ᠎ᠡ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠠᠵᠢᠯ ᠢ ᠤᠷᠤᠭᠰᠢᠲᠠᠢ ᠶᠠᠪᠤᠭᠳᠠᠭᠤᠯᠬᠤ ᠶᠢᠨ ᠲᠥᠯᠥᠭᠡ ᠣᠯᠠᠨ ᠵᠦᠢᠯ ᠤᠨ ᠠᠷᠭ᠎ᠠ ᠬᠡᠮᠵᠢᠶ᠎ᠡ ᠲᠣᠭᠲᠠᠭᠠᠵᠠᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠰᠣᠩᠭᠤᠨ ᠲᠣᠮᠢᠯᠠᠵᠤ ᠰᠤᠷᠤᠯᠴᠠᠬᠤ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ᠂ ︽ᠡᠵᠡᠨ᠎ᠡ ᠬᠤᠰᠢᠭᠤᠨ ᠤ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢ ᠪᠤᠯᠪᠠᠰᠤᠷᠠᠭᠤᠯᠬᠤ ᠲᠥᠰᠥᠯ︾ ᠢ ᠲᠣᠭᠲᠠᠭᠠᠵᠤ᠂ ᠰᠤᠷᠭᠠᠭᠤᠯᠢ ᠶᠢᠨ ᠬᠤᠭᠤᠷᠣᠨᠳᠣᠭᠢ ᠰᠣᠯᠢᠯᠴᠠᠭ᠎ᠠ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢ ᠤᠷᠢᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠭᠦ ᠪᠠᠷ ᠴᠢᠷᠮᠠᠶᠢᠵᠤ ᠪᠠᠶᠢᠨ᠎ᠠ᠃            
 
ᠢᠷᠡᠯᠲᠡ᠄ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号