| ᠪᠣᠳᠠᠲᠤ ᠴᠣᠭᠴᠠ ᠪᠠ ᠰᠦᠯᠵᠢᠶᠡᠨ ᠤ ᠵᠠᠬ᠎ᠠ ᠳᠡᠯᠭᠡᠭᠦᠷ ᠳᠡᠭᠡᠷ᠎ᠡ ︽ᠣᠨᠴᠠ ᠬᠠᠩᠭᠠᠯᠭ᠎ᠠ ᠶᠢᠨ | ᠠᠷᠢᠬᠢ︾ ᠦᠢᠯᠡᠳᠴᠦ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠡᠷᠡᠭᠯᠡᠭᠴᠢᠳ ᠤᠨ ᠠᠰᠢᠭ ᠲᠤᠰᠠ ᠶᠢ ᠦᠨᠡᠨᠬᠦ ᠬᠠᠮᠠᠭᠠᠯᠠᠨ᠂ ᠵᠠᠬ᠎ᠠ ᠳᠡᠯᠭᠡᠭᠦᠷ ᠤᠨ ᠭᠤᠥᠯᠴᠢ | ᠥᠷᠢᠰᠦᠯᠳᠦᠭᠡᠨ ᠤ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ | ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠡᠳᠦᠷ ᠠᠴᠠ ᠡᠬᠢᠯᠡᠨ | ᠪᠦᠭᠦ ᠣᠷᠣᠨ ᠤ ᠬᠡᠪᠴᠢᠶᠡᠨ ᠳᠤ ᠨᠢᠭᠡ ᠵᠢᠯ ᠤᠨ ᠬᠤᠭᠤᠴᠠᠭ᠎ᠠ ᠲᠠᠢ ︽ᠣᠨᠴᠠ ᠬᠠᠩᠭᠠᠯᠭ᠎ᠠ ᠶᠢᠨ ᠠᠷᠢᠬᠢ︾ ᠶᠢᠨ | ᠢᠷᠡᠯᠲᠡ ᠶᠢ ᠴᠡᠪᠡᠷᠯᠡᠵᠦ ᠬᠡᠯᠬᠢᠶᠡᠰᠦ ᠶᠢ ᠲᠠᠰᠤᠯᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ | ᠃ | ᠲᠣᠰ ᠤᠳᠠᠭᠠᠨ ᠤ ᠲᠤᠰᠬᠠᠢ ᠠᠵᠢᠯᠯᠠᠭ᠎ᠠ ᠶᠢ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ | ᠂ ᠰᠣᠯᠪᠢᠴᠠᠨ ᠪᠠᠶᠢᠴᠠᠭᠠᠬᠤ᠂ ᠭᠡᠨᠡᠳᠲᠡ ᠪᠠᠷ ᠪᠠᠶᠢᠴᠠᠭᠠᠬᠤ᠂ ᠰᠢᠰᠲ᠋ᠧᠮ ᠤᠨ ᠪᠠᠶᠢᠴᠠᠭᠠᠯᠲᠠ ᠬᠢᠬᠦ ᠵᠡᠷᠭᠡ ᠣᠯᠠᠨ | ᠵᠦᠢᠯ ᠤᠨ ᠠᠷᠭ᠎ᠠ ᠭᠡᠯᠪᠡᠷᠢ ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠠᠰᠠᠭᠤᠳᠠᠯ ᠤᠨ ᠰᠦᠪᠡᠭᠴᠢ ᠶᠢ ᠬᠢᠨᠠᠨ ᠬᠡᠮᠵᠢᠵᠦ᠂ ᠬᠠᠤᠯᠢ ᠲᠣᠭᠲᠠᠭᠠᠯ | ᠶᠣᠰᠣᠭᠠᠷ ᠬᠤᠯᠪᠣᠭᠳᠠᠯ ᠪᠦᠬᠦᠢ ᠬᠠᠤᠯᠢ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠣᠷᠳᠣ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠤᠯᠢ ᠪᠤᠰᠤ | ᠬᠡᠯᠬᠢᠶ᠎ᠡ ᠶᠢ ᠡᠬᠢ ᠡᠭᠦᠰᠦᠯ ᠠᠴᠠ ᠨᠢ ᠨᠡᠬᠡᠮᠵᠢᠯᠡᠨ ᠠᠷᠢᠯᠭᠠᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠭᠡᠯ ᠢ | ᠣᠯᠣᠨ᠎ᠠ᠃ | ᠳᠤᠮᠳᠠ ᠵᠢᠵᠢᠭ ᠭᠡᠯᠪᠡᠷᠢ ᠶᠢᠨ ᠠᠷᠢᠬᠢᠨ ᠤ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ᠂ ᠵᠢᠵᠢᠭ | ᠦᠢᠯᠡᠳᠬᠡᠯ ᠤᠨ ᠪᠣᠭᠤᠳᠠᠯ ᠤᠨ ᠮᠠᠲ᠋ᠧᠷᠢᠶᠠᠯ ᠤᠨ ᠬᠥᠮᠥᠷᠭᠡ᠂ ᠪᠣᠭᠤᠳᠠᠯᠯᠠᠬᠤ ᠭᠤᠭᠴᠤᠭ᠎ᠠ᠂ ᠪᠦᠲᠦᠭᠡᠭᠳᠡᠬᠦᠨ ᠤ | ᠬᠥᠮᠥᠷᠭᠡ ᠵᠡᠷᠭᠡ ᠪᠠᠷ ᠭᠤᠣᠯᠳᠠᠯᠭ᠎ᠠ ᠪᠤᠯᠭᠠᠵᠤ᠂ ᠦᠢᠯᠡᠳᠪᠦᠷᠢᠯᠡᠭᠰᠡᠨ ᠡᠰᠡᠬᠦ ᠪᠤᠶᠤ ᠨᠠᠶᠢᠳᠠᠯᠭ᠎ᠠ ᠪᠠᠷ | ᠦᠢᠯᠡᠳᠪᠦᠷᠢᠯᠡᠭᠰᠡᠨ ︽ᠣᠨᠴᠠ ᠬᠠᠩᠭᠠᠯᠭ᠎ᠠ ᠶᠢᠨ ᠠᠷᠢᠬᠢ︾ ᠶᠢ ᠴᠢᠩᠭ᠎ᠠ ᠪᠠᠶᠢᠴᠠᠭᠠᠨ᠎ᠠ᠃ ᠪᠣᠷᠣᠯᠠᠭᠤᠯᠬᠤ ᠭᠠᠵᠠᠷ | ᠲᠠᠯᠠᠪᠤᠷ᠂ ᠰᠠᠩ ᠬᠥᠮᠥᠷᠭᠡ ᠵᠡᠷᠭᠡ ᠪᠠᠷ ᠭᠤᠣᠯᠳᠠᠯᠭ᠎ᠠ ᠪᠣᠯᠭᠠᠨ᠂ ︽ᠣᠨᠴᠠ ᠬᠠᠩᠭᠠᠯᠭ᠎ᠠ ᠶᠢᠨ ᠠᠷᠢᠬᠢ︾ ᠶᠢ | ᠬᠤᠳᠠᠯᠳᠤᠨ ᠠᠪᠬᠤ᠂ ᠪᠣᠷᠣᠯᠠᠭᠤᠯᠵᠤ ᠪᠤᠢ ᠡᠰᠡᠬᠦ ᠶᠢ ᠴᠢᠩᠭ᠎ᠠ ᠪᠠᠶᠢᠴᠠᠭᠠᠨ᠎ᠠ᠃ ᠳᠡᠭᠡᠳᠦ ᠲᠠᠰ ᠤᠨ ᠪᠠᠭᠤᠳᠠᠯ᠂ | ᠣᠨᠴᠠᠯᠢᠭᠲᠤ ᠬᠤᠭᠤᠯᠠᠨ ᠭᠡᠷ᠂ ᠬᠤᠳᠠᠯᠳᠤᠭᠠᠨ ᠤ ᠶᠠᠪᠤᠳᠠᠯ ᠤᠨ ᠳᠠᠶᠢᠯᠠᠯᠭ᠎ᠠ ᠶᠢ ᠭᠤᠣᠯᠯᠠᠨ ᠡᠵᠡᠩᠨᠡᠵᠦ ᠪᠠᠶᠢᠭ᠎ᠠ | ᠢᠳᠡᠭᠡᠨ ᠤᠮᠳᠠᠭᠠᠨ ᠤ ᠦᠢᠯᠡᠴᠢᠯᠡᠭᠴᠢ ᠳᠤ ︽ᠣᠨᠴᠠ ᠬᠠᠩᠭᠠᠯᠭ᠎ᠠ ᠶᠢᠨ ᠠᠷᠢᠬᠢ︾ ᠬᠤᠳᠠᠯᠳᠤᠨ ᠠᠪᠬᠤ ᠪᠠ | ᠪᠣᠷᠣᠯᠠᠭᠤᠯᠵᠤ ᠪᠤᠢ ᠡᠰᠡᠬᠦ ᠶᠢ ᠴᠢᠩᠭ᠎ᠠ ᠪᠠᠶᠢᠴᠠᠭᠠᠨ᠎ᠠ᠃ ︽ᠣᠨᠴᠠ ᠬᠠᠩᠭᠠᠯᠭ᠎ᠠ ᠶᠢᠨ ᠠᠷᠢᠬᠢ︾ ᠶᠢᠨ ᠬᠤᠳᠠᠯ | ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ᠂ ᠬᠤᠳᠠᠯ ᠬᠠᠭᠤᠷᠮᠠᠭ ᠤᠬᠠᠭᠤᠯᠭ᠎ᠠ ᠣᠷᠣᠰᠢᠵᠤ ᠪᠠᠶᠢᠬᠤ ᠡᠰᠡᠬᠦ ᠶᠢ | ᠴᠢᠩᠭ᠎ᠠ ᠪᠠᠶᠢᠴᠠᠭᠠᠵᠤ᠂ ︽ᠣᠨᠴᠠ ᠬᠠᠩᠭᠠᠯᠭ᠎ᠠ ᠶᠢᠨ ᠠᠷᠢᠬᠢ︾ ᠶᠢᠨ ᠵᠠᠷ ᠪᠠ ᠮᠡᠳᠡᠭᠡ ᠵᠠᠩᠭᠢ ᠶᠢ ᠵᠢᠷᠤᠭᠯᠠᠨ | ᠲᠥᠯᠥᠪᠯᠡᠬᠦ᠂ ᠦᠢᠯᠡᠳᠬᠦ᠂ ᠣᠷᠣᠯᠠᠨ ᠭᠦᠢᠴᠡᠳᠬᠡᠬᠦ᠂ ᠨᠡᠶᠢᠲᠡᠯᠡᠬᠦ ᠶᠢ ᠴᠢᠩᠭ᠎ᠠ ᠴᠠᠭᠠᠵᠠᠯᠠᠨ᠎ᠠ᠃ ᠡᠭᠦᠨ ᠠᠴᠠ | ᠭᠠᠳᠠᠨ᠎ᠠ᠂ ᠪᠦᠭᠦ ᠬᠡᠯᠬᠢᠶᠡᠰᠦ ᠶᠢᠨ ᠢᠷᠡᠯᠲᠡ ᠶᠢ ᠤᠬᠤᠴᠢᠯᠠᠨ ᠪᠠᠶᠢᠴᠠᠭᠠᠬᠤ ᠠᠵᠢᠯ ᠢ ᠥᠷᠨᠢᠭᠦᠯᠵᠦ᠂ ︽ᠣᠨᠴᠠ | ᠬᠠᠩᠭᠠᠯᠭ᠎ᠠ ᠶᠢᠨ ᠠᠷᠢᠬᠢ︾ ᠶᠢ ᠦᠢᠯᠡᠳᠦᠨ ᠪᠣᠷᠣᠯᠠᠭᠤᠯᠬᠤ ᠢᠷᠡᠯᠲᠡ ᠶᠢ ᠠᠷᠢᠯᠭᠠᠵᠤ᠂ ᠬᠠᠤᠯᠢ ᠪᠤᠰᠤ | ᠬᠡᠯᠬᠢᠶᠡᠰᠦ ᠶᠢ ᠠᠷᠢᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠ ᠬᠠᠤᠯᠢ ᠶᠢ ᠵᠥᠷᠢᠴᠡᠭᠰᠡᠨ ᠠᠵᠤ ᠠᠬᠤᠶᠢᠯᠠᠯ ᠤᠨ | ᠨᠡᠷᠡᠰ ᠢ ᠴᠠᠭ ᠲᠤᠬᠠᠢ ᠳᠤᠨᠢ ᠢᠯᠡᠴᠢᠯᠡᠨ᠎ᠡ᠃ | ᠣᠶᠢᠯᠠᠭᠠᠭᠰᠠᠨ ᠢᠶᠠᠷ᠂ ᠮᠠᠨ ᠤ ᠤᠯᠤᠰ ᠠᠯᠢ ᠡᠷᠲᠡ ᠠᠴᠠ ︽ᠣᠨᠴᠠ ᠬᠠᠩᠭᠠᠯᠭ᠎ᠠ ᠶᠢᠨ ᠠᠷᠢᠬᠢ︾ | ᠶᠢᠨ ᠲᠤᠬᠠᠢ ᠣᠪᠣᠷ ᠢᠶᠠᠨ ᠲᠣᠳᠣᠷᠬᠠᠢ ᠢᠯᠡᠳᠬᠡᠭᠰᠡᠨ ᠪᠠᠶᠢᠨ᠎ᠠ᠃ ᠠᠯᠢ ᠡᠷᠲᠡ 2008 ᠣᠨ ᠳᠤ᠂ ᠤᠤᠯ ᠤᠨ | ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠠᠴᠠ ᠮᠡᠳᠡᠭᠳᠡᠯ ᠪᠠᠭᠤᠯᠭᠠᠵᠤ᠂ ᠵᠠᠷ ᠲᠤ ︽ | ××× ︵ ×××ᠲᠦᠷᠦ ᠶᠢᠨ ᠪᠠᠶᠢᠭᠤᠯᠭ᠎ᠠ︶ ᠳᠤ ᠲᠤᠰᠬᠠᠢ ᠬᠠᠩᠭᠠᠬᠤ︾ ᠮᠡᠲᠦ ᠶᠢᠨ ᠠᠭᠤᠯᠭ᠎ᠠ ᠭᠠᠷᠤᠭᠰᠠᠨ | ᠪᠠᠶᠢᠪᠠᠯ ᠴᠥᠮ ᠬᠠᠤᠯᠢ ᠶᠢ ᠵᠥᠷᠢᠴᠡᠭᠰᠡᠨ ᠳᠤ ᠲᠣᠭᠠᠴᠠᠭᠳᠠᠨ᠎ᠠ ᠭᠡᠵᠦ ᠲᠣᠳᠣᠷᠬᠠᠢ ᠲᠣᠭᠲᠠᠭᠠᠵᠠᠢ᠃ 2013 | ᠣᠨ ᠳᠤ᠂ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ᠂ ︽ᠣᠨᠴᠠ ᠬᠠᠩᠭᠠᠯᠭ᠎ᠠ︾᠂ | ︽ᠲᠤᠰᠬᠠᠢ ᠬᠠᠩᠭᠠᠯᠭ᠎ᠠ︾᠂ ︽ᠲᠤᠰᠬᠠᠢ ᠬᠡᠷᠡᠭᠯᠡᠬᠦ︾ ᠵᠡᠷᠭᠡ ᠦᠰᠦᠭ ᠲᠠᠢ ᠬᠠᠷ᠎ᠠ ᠠᠷᠢᠬᠢ ᠶᠢ ᠦᠢᠯᠡᠳᠪᠦᠷᠢᠯᠡᠵᠦ | ᠪᠤᠯᠬᠤ ᠦᠭᠡᠢ ᠭᠡᠵᠦ ᠲᠣᠳᠣᠷᠬᠠᠢ ᠱᠠᠭᠠᠷᠳᠠᠵᠠᠢ᠃ | |