| | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠵᠤ ᠠᠬᠤᠢ ᠶᠢᠨ ᠡᠷᠭᠢᠯᠲᠡ ᠶᠢᠨ | ᠬᠠᠯᠠᠮᠰᠢᠯ ᠠᠰᠠᠭᠤᠳᠠᠯ ᠳᠤ ᠨᠠᠷᠢᠯᠢᠭ ᠲᠠᠶᠢᠯᠪᠤᠷᠢᠯᠠᠯᠲᠠ ᠬᠢᠪᠡ | ᠬᠤᠷᠸ᠎ᠠ ᠠᠵᠤ ᠠᠬᠤᠢ ᠶᠢᠨ ᠪᠠᠶᠢᠳᠠᠯ᠂ ᠪᠡᠯᠡ ᠣᠷᠣᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠬᠦ | ᠴᠢᠳᠠᠪᠤᠷᠢ ᠶᠢᠨ ᠠᠰᠢᠭᠯᠠᠯᠲᠠ ᠵᠡᠷᠭᠡ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ 4 ᠰᠠᠷ᠎ᠠ ᠶᠢᠨ17 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠠᠷᠢᠭᠤᠯᠲᠠ ᠥᠭᠴᠡᠢ᠃ | ᠲᠦᠷᠦᠭᠦᠦ ᠤᠯᠠᠷᠢᠯ ᠳᠤ ᠠᠵᠤ ᠠᠬᠤᠢ ᠲᠣᠭᠲᠠᠭᠤᠨ ᠡᠭᠢᠯᠡᠯᠲᠡ᠂ ᠰᠠᠶᠢᠨ ᠡᠭᠢᠯᠡᠯᠲᠡ ᠶᠢ | ᠪᠡᠶᠡᠯᠡᠭᠦᠯᠪᠡ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠨᠠᠷᠢᠨ ᠪᠢᠴᠢᠭ ᠤᠨ | ᠳᠠᠷᠤᠭ᠎ᠠ ᠶᠤᠸᠠᠨ ᠳ᠋ᠠ᠂ ᠡᠨᠡ ᠵᠢᠯ ᠠᠴᠠ ᠨᠠᠭᠠᠰᠢ ᠳᠤᠮᠳᠠᠳᠤ ᠤᠯᠤᠰ ᠤᠨ ᠠᠵᠤ ᠠᠬᠤᠢ ᠦᠷᠭᠦᠯᠵᠢᠯᠡᠨ | ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠲᠣᠭᠲᠠᠭᠤᠨ ᠡᠭᠢᠯᠡᠯᠲᠡ᠂ ᠰᠠᠶᠢᠨ ᠡᠭᠢᠯᠡᠯᠲᠡ ᠶᠢ ᠪᠡᠶᠡᠯᠡᠭᠦᠯᠵᠦ᠂ ᠭᠤᠣᠯ | ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠤ ᠳᠤᠮᠳᠠ | ᠳᠡᠭᠡᠭᠰᠢᠯᠡᠵᠦ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠲᠣᠭᠲᠠᠭᠤᠨ ᠤ ᠳᠤᠮᠳᠠ ᠤᠷᠤᠭᠰᠢᠯᠠᠵᠤ᠂ | ᠠᠵᠤ ᠠᠬᠤᠶᠢᠯᠠᠯ ᠤᠨ ᠦᠷ᠎ᠡ ᠠᠰᠢᠭ᠂ ᠠᠵᠢᠯ ᠣᠯᠭᠤᠯᠲᠠ ᠣᠷᠣᠯᠭ᠎ᠠ᠂ ᠵᠠᠬ᠎ᠠ ᠳᠡᠯᠭᠡᠭᠦᠷ ᠤᠨ ᠵᠢᠱᠢᠯᠲᠡ | ᠲᠣᠭᠲᠠᠭᠤᠨ ᠢᠶᠠᠷ ᠰᠠᠶᠢᠵᠢᠷᠠᠪᠠ᠃ ︽ᠪᠡᠯᠡ ᠤᠷᠤᠭᠤᠯᠤᠯᠳᠠ᠂ ᠬᠡᠷᠡᠭᠯᠡᠭᠡ᠂ ᠭᠠᠳᠠᠭᠠᠳᠤ ᠳᠤ ᠭᠠᠷᠭᠠᠬᠤ︾ ᠶᠢᠨ | ᠳᠠᠶᠢᠴᠢᠯᠠᠬᠤ ᠪᠠᠶᠢᠳᠠᠯ ᠨᠠᠩ ᠵᠣᠬᠢᠴᠠᠩᠭᠤᠢ ᠪᠣᠯᠵᠤ᠂ ᠳᠣᠲᠣᠭᠠᠳᠤ ᠬᠡᠷᠡᠭᠴᠡᠭᠡ ᠶᠢᠨ ᠰᠠᠨᠠᠭᠠᠴᠢᠯᠠᠭᠠᠲᠤ ᠬᠦᠴᠦᠨ ᠤ | ᠦᠢᠯᠡᠳᠦᠯ ᠦᠷᠭᠦᠯᠵᠢᠯᠡᠨ ᠢᠯᠡᠷᠡᠵᠦ᠂ ᠲᠦᠷᠦᠭᠦᠦ ᠤᠯᠠᠷᠢᠯ ᠤᠨ ᠳᠣᠲᠣᠭᠠᠳᠤ ᠬᠡᠷᠡᠭᠴᠡᠭᠡ ᠶᠢᠨ ᠠᠵᠤ ᠠᠬᠤᠢ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 85.5% ᠪᠤᠯᠪᠠ; ᠭᠠᠳᠠᠭᠠᠳᠤ ᠳᠤ ᠭᠠᠷᠭᠠᠬᠤ ᠶᠢᠨ | ᠴᠡᠪᠡᠷ ᠳᠠᠶᠢᠴᠢᠯᠠᠬᠤ ᠦᠢᠯᠡᠳᠦᠯ ᠴᠢᠩᠭᠠᠷᠠᠵᠤ᠂ ᠭᠠᠳᠠᠭᠠᠳᠤ ᠬᠡᠷᠡᠭᠴᠡᠭᠡ ᠶᠢᠨ ᠬᠤᠪᠢ ᠨᠡᠮᠡᠷᠢ ᠦᠵᠡᠭᠦᠯᠭᠦ ᠨᠣᠷᠮ᠎ᠠ | ᠳᠡᠭᠡᠷ᠎ᠡ ᠨᠢᠭᠡ ᠤᠯᠠᠷᠢᠯ ᠤᠨ - 3.1% ᠪᠠᠶᠢᠭᠰᠠᠨ ᠠᠴᠠ ᠪᠠᠨ 14.5% ᠪᠣᠯᠵᠤ ᠬᠤᠪᠢᠷᠠᠪᠠ ᠭᠡᠵᠦ ᠢᠯᠡᠳᠬᠡᠪᠡ᠃ | | ᠬᠤᠶᠠᠳᠤᠭᠠᠷ ᠤᠯᠠᠷᠢᠯ ᠢ ᠪᠠᠷᠠᠯᠠᠬᠤᠶ᠎ᠠ᠂ ᠶᠤᠸᠠᠨ ᠳ᠋ᠠ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ | ᠠᠳᠬᠤᠬᠤ ᠳᠤ ᠪᠤᠢ᠂ ᠭᠤᠷᠪᠠᠨ ᠶᠠᠪᠤᠳᠠᠯ ᠢ ᠲᠣᠪᠤᠶᠢᠯᠭᠠᠨ ᠰᠠᠶᠢᠲᠤᠷ ᠬᠢᠬᠦ ᠬᠡᠷᠡᠭᠲᠡᠢ᠄ ᠨᠢᠭᠡᠨᠲᠡ ᠲᠣᠭᠲᠠᠭᠠᠭᠰᠠᠨ | ᠲᠦᠷᠦ ᠶᠢᠨ ᠪᠣᠳᠣᠯᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠡᠩ ᠥᠨᠳᠥᠷ ᠦᠷ᠎ᠡ | ᠪᠦᠲᠦᠮᠵᠢᠲᠡᠢ ᠠᠬᠢᠭᠤᠯᠵᠤ᠂ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ | ᠰᠢᠨ᠎ᠡ ᠶᠢ ᠰᠣᠯᠢᠬᠤ᠂ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠲᠠᠷᠬᠠᠭᠠᠵᠤ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠶᠢ ᠬᠡᠷᠡᠭᠵᠢᠭᠦᠯᠬᠦ ᠶᠢ | ᠲᠦᠷᠭᠡᠳᠬᠡᠨ ᠠᠭᠢᠭᠤᠯᠤᠨ᠎ᠠ; ᠭᠤᠣᠯ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠨᠡᠩ ᠶᠡᠭᠡ ᠡᠷᠴᠢᠮ ᠢᠶᠠᠷ | ᠠᠬᠢᠭᠤᠯᠵᠤ᠂ ᠬᠡᠷᠡᠭᠴᠡᠭᠡ ᠶᠢ ᠥᠷᠭᠡᠳᠬᠡᠬᠦ᠂ ᠬᠠᠩᠭᠠᠯᠭ᠎ᠠ ᠶᠢ ᠰᠢᠯᠢᠳᠡᠭᠵᠢᠭᠦᠯᠬᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠨᠥᠭᠡᠴᠡ ᠶᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ | ᠪᠠᠷᠠᠭᠠᠨ ᠤ ᠦᠨ᠎ᠡ ᠶᠢ ᠵᠦᠢ ᠵᠣᠬᠢᠰᠲᠠᠢ ᠲᠦᠪᠰᠢᠨ ᠳᠤ ᠪᠠᠶᠢᠬᠤ ᠶᠢ ᠠᠭᠢᠭᠤᠯᠤᠨ᠎ᠠ; ᠴᠢᠬᠤᠯᠠ ᠶᠡᠭᠡ ᠲᠦᠷᠦ ᠶᠢᠨ | ᠪᠣᠳᠣᠯᠭ᠎ᠠ ᠶᠢ ᠲᠥᠯᠥᠪᠵᠢᠭᠦᠯᠬᠦ ᠪᠠ ᠤᠷᠢᠳᠴᠢᠯᠠᠨ ᠰᠤᠳᠤᠯᠵᠤ ᠨᠥᠭᠡᠴᠡᠯᠡᠬᠦ ᠶᠢ ᠨᠡᠩ ᠴᠢᠨᠠᠷ ᠰᠠᠶᠢᠲᠠᠢ ᠰᠠᠶᠢᠲᠤᠷ | ᠬᠢᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠤ ᠬᠤᠪᠢᠷᠠᠯᠲᠠ ᠪᠣᠯᠣᠨ ᠪᠠᠶᠢᠳᠠᠯ ᠤᠨ | ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢ ᠤᠷᠢᠳᠴᠢᠯᠠᠨ | ᠰᠤᠳᠤᠯᠵᠤ ᠲᠥᠯᠥᠪᠵᠢᠭᠦᠯᠬᠦ ᠶᠢ ᠰᠠᠶᠢᠲᠤᠷ ᠬᠢᠬᠦ ᠬᠡᠷᠡᠭᠲᠡᠢ ᠭᠡᠵᠡᠢ᠃ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠭᠰᠠᠨ | ᠬᠡᠮᠵᠢᠶ᠎ᠡ ᠠᠷᠪᠠᠨ ᠤ ᠭᠤᠷᠪᠠᠨ ᠬᠤᠪᠢ ᠶᠢ ᠳᠠᠪᠠᠵᠠᠢ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠭᠢᠯᠡᠭᠴᠢ ᠯᠢᠦ ᠰᠦ᠋ | ᠱᠧ᠂ ᠡᠨᠡ ᠵᠢᠯ ᠠᠴᠠ ᠨᠠᠭᠠᠰᠢ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠯ᠎ᠡ | ᠵᠦᠢᠯ ᠤᠨ ᠪᠡᠯᠡ ᠣᠷᠣᠭᠤᠯᠤᠯᠲᠠ ᠶᠢᠨ ᠠᠵᠢᠯ ᠢ ᠱᠠᠯᠠᠪᠳᠠᠨ ᠠᠬᠢᠭᠤᠯᠵᠤ᠂ ᠦᠷ᠎ᠡ ᠠᠰᠢᠭ ᠲᠠᠢ ᠪᠡᠯᠡ | ᠣᠷᠣᠭᠤᠯᠤᠯᠲᠠ ᠶᠢ ᠢᠳᠡᠪᠬᠢᠲᠡᠢ ᠥᠷᠭᠡᠳᠬᠡᠪᠡ᠃ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠲᠥᠯᠥᠪᠯᠡᠭᠡ ᠶᠢ ᠲᠦᠷᠭᠡᠪᠴᠢᠯᠡᠨ ᠪᠠᠭᠤᠯᠭᠠᠵᠤ᠂ ᠣᠳᠣ ᠪᠤᠯᠲᠠᠯ᠎ᠠ ᠨᠢᠭᠡᠨᠲᠡ 2000 | ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠭᠦ ᠵᠢᠯ ᠳᠠᠬᠢ ᠡᠵᠡᠯᠡᠬᠦ ᠬᠤᠪᠢ ᠶᠢᠨ ᠵᠢᠩ ᠨᠢ 30% ᠶᠢ ᠳᠠᠪᠠᠵᠠᠢ᠂ | ᠲᠥᠯᠥᠪᠯᠡᠭᠡ ᠶᠢ ᠬᠡᠷᠡᠭᠵᠢᠭᠦᠯᠬᠦ ᠶᠢ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠪᠠ ᠬᠢᠨᠠᠯᠲᠠ ᠬᠠᠮᠢᠶᠠᠷᠤᠯᠲᠠ ᠶᠢ ᠬᠢᠨᠠᠮᠠᠭᠠᠢ ᠰᠠᠶᠢᠲᠤᠷ ᠠᠳᠬᠤᠵᠤ᠂ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃ | | ᠡᠭᠦᠨ ᠠᠴᠠ ᠭᠠᠳᠠᠨ᠎ᠠ᠂ ᠯᠢᠦ ᠰᠦ᠋ ᠱᠧ ᠶᠢᠨ ᠲᠠᠨᠢᠯᠴᠠᠭᠤᠯᠤᠭᠰᠠᠨ ᠢᠶᠠᠷ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠠᠩᠬ᠎ᠠ ᠠᠯᠬᠤᠮ ᠰᠢᠭᠰᠢᠨ | ᠰᠣᠩᠭᠤᠵᠤ ᠳᠠᠭᠤᠰᠪᠠ᠃ ᠲᠡᠷᠡ᠂ ᠲᠤᠰᠬᠠᠢ ᠵᠢᠭᠡᠯᠡᠯᠭᠡ ᠶᠢᠨ ᠲᠡᠮᠳᠡᠭᠲᠦ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠣᠷᠣᠨ ᠨᠤᠲᠤᠭ ᠤᠨ ᠮᠡᠳᠡᠭᠦᠯᠦᠨ ᠢᠷᠡᠭᠦᠯᠦᠭᠰᠡᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ | ᠬᠦᠷᠢᠶ᠎ᠡ᠂ ᠡᠮᠦᠨᠡᠬᠢ ᠬᠤᠭᠤᠴᠠᠭᠠᠨ ᠤ ᠠᠵᠢᠯ ᠵᠡᠷᠭᠡ ᠳᠤ ᠬᠢᠨᠠᠯᠲᠠ ᠲᠠᠯᠪᠢᠵᠤ᠂ ᠡᠨᠡ ᠵᠢᠯ ᠤᠨ ᠲᠤᠰᠬᠠᠢ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠠᠩᠬ᠎ᠠ ᠠᠯᠬᠤᠮ ᠰᠢᠭᠰᠢᠨ ᠰᠣᠩᠭᠤᠬᠤ ᠠᠵᠢᠯ ᠢ ᠪᠡᠶᠡᠯᠡᠭᠦᠯᠵᠦ᠂ | ᠣᠳᠣᠬᠠᠨ ᠳᠤ ᠨᠢᠭᠡᠨᠲᠡ ᠡᠳ᠋ ᠤᠨ ᠵᠠᠰᠠᠭ ᠤᠨ ᠶᠠᠮᠤᠨ ᠳᠤ ᠲᠠᠨᠢᠯᠴᠠᠭᠤᠯᠤᠨ ᠬᠦᠷᠭᠡᠭᠰᠡᠨ ᠪᠥᠭᠡᠳ ᠡᠯ᠎ᠡ ᠭᠠᠵᠠᠷ | ᠣᠷᠣᠨ ᠳᠤ ᠬᠠᠷᠢᠭᠤ ᠲᠤᠰᠬᠠᠵᠤ᠂ ᠡᠳ᠋ ᠤᠨ ᠵᠠᠰᠠᠭ ᠤᠨ ᠶᠠᠮᠤᠨ ᠠᠴᠠ ᠶᠠᠭ ᠲᠥᠷᠥᠯ ᠵᠦᠢᠯ ᠤᠨ ᠪᠡᠯᠡ | ᠬᠤᠷᠠᠮᠳᠤᠭᠤᠯᠬᠤ ᠠᠰᠢᠭ ᠣᠷᠣᠯᠭ᠎ᠠ ᠶᠢᠨ ᠲᠡᠩᠴᠡᠭᠦᠷᠢ ᠵᠡᠷᠭᠡ ᠶᠢ ᠬᠢᠨᠠᠨ ᠬᠠᠷᠭᠤᠭᠤᠯᠵᠤ᠂ ᠡᠯ᠎ᠡ ᠭᠠᠵᠠᠷ ᠤᠨ ᠬᠢᠨ | ᠴᠦ ᠲᠥᠷᠥᠯ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ ᠪᠠᠶᠢᠨ᠎ᠠ᠃ ᠶᠡᠷᠦᠩᠬᠡᠢ ᠳᠤᠨᠢ ᠠᠪᠴᠤ | ᠦᠵᠡᠪᠡᠯ᠂ ᠡᠨᠡ ᠪᠦᠯᠦᠭ ᠠᠩᠬ᠎ᠠ ᠠᠯᠬᠤᠮ ᠰᠢᠯᠢᠵᠦ ᠰᠣᠩᠭᠤᠭᠰᠠᠨ ᠲᠥᠷᠥᠯ ᠵᠦᠢᠯ ᠤᠨ ᠲᠤᠭ᠎ᠠ ᠬᠡᠮᠵᠢᠶ᠎ᠡ ᠨᠢ | ᠭᠦᠢᠴᠡᠳ᠂ ᠪᠡᠯᠡ ᠮᠥᠩᠭᠦ ᠶᠢᠨ ᠬᠡᠷᠡᠭᠴᠡᠭᠡ ᠨᠢ ᠨᠡᠯᠢᠶᠡᠳ ᠶᠡᠭᠡ ᠪᠠᠶᠢᠵᠤ᠂ ᠪᠦᠭᠦ ᠵᠢᠯ ᠤᠨ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠳᠤ ᠪᠠᠲᠤ ᠪᠠᠬᠢ ᠲᠥᠷᠥᠯ ᠵᠦᠢᠯ ᠤᠨ ᠰᠠᠭᠤᠷᠢ ᠶᠢ ᠲᠠᠯᠪᠢᠵᠤ | ᠥᠭᠴᠡᠢ ᠭᠡᠪᠡ᠃ | ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠠᠯᠬᠤᠮ ᠠᠯᠬᠤᠮ ᠢᠶᠠᠷ ᠳᠡᠭᠡᠭᠰᠢᠯᠡᠬᠦ ᠪᠣᠯᠣᠮᠵᠢ ᠲᠠᠢ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ | ᠲᠦᠷᠦᠭᠦᠦ ᠤᠯᠠᠷᠢᠯ ᠳᠤ ᠪᠦᠭᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ 73.6% ᠳᠤ ᠬᠦᠷᠴᠡᠢ᠃ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠡᠷᠭᠢᠯᠡᠭᠴᠢ ᠶᠢᠨ ᠰᠢᠶᠠᠨ | ᠳ᠋ᠦᠩ᠂ ᠲᠡᠦᠬᠡ ᠶᠢᠨ ᠲᠤᠭ᠎ᠠ ᠪᠠᠷᠢᠮᠲᠠ ᠠᠴᠠ ᠦᠵᠡᠪᠡᠯ᠂ ᠳᠤᠮᠳᠠᠳᠤ ᠤᠯᠤᠰ ᠤᠨ ᠦᠢᠯᠡᠳᠪᠦᠷᠢᠯᠡᠬᠦ ᠴᠢᠳᠠᠪᠤᠷᠢ ᠶᠢᠨ | ᠠᠰᠢᠭᠯᠠᠮᠵᠢ ᠶᠢᠨ ᠤᠯᠠᠷᠢᠯ ᠤᠨ ᠴᠢᠨᠠᠷᠲᠠᠢ ᠬᠡᠯᠪᠡᠯᠵᠡᠯ ᠨᠡᠯᠢᠶᠡᠳ ᠶᠡᠭᠡ ᠪᠠᠶᠢᠵᠤ᠂ ᠲᠦᠷᠦᠭᠦᠦ ᠤᠯᠠᠷᠢᠯ ᠤᠨ | ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠬᠠᠷᠢᠴᠠᠩᠭᠤᠢ ᠳᠣᠣᠷ᠎ᠠ ᠰᠢᠭ᠋ ᠪᠠᠶᠢᠵᠤ᠂ ᠳᠥᠷᠪᠡᠳᠦᠭᠡᠷ ᠤᠯᠠᠷᠢᠯ ᠳᠤ | ᠬᠠᠷᠢᠴᠠᠩᠭᠤᠢ ᠥᠨᠳᠥᠷ ᠰᠢᠭ ᠪᠠᠶᠢᠳᠠᠭ᠂ ᠡᠨᠡ ᠨᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠵᠡᠷᠭᠡ | ᠬᠦᠴᠦᠨ ᠵᠦᠢᠯ ᠲᠠᠢ ᠬᠤᠯᠪᠤᠭ᠎ᠠ ᠲᠠᠢ ᠶᠤᠮ᠃ ᠬᠤᠶᠢᠰᠢᠳᠠ ᠶᠢᠨ ᠬᠡᠳᠦᠨ ᠤᠯᠠᠷᠢᠯ ᠳᠤ ᠦᠢᠯᠡᠳᠪᠦᠷᠢᠯᠡᠬᠦ | ᠴᠢᠳᠠᠪᠤᠷᠢ ᠶᠢᠨ ᠠᠰᠢᠭᠯᠠᠮᠵᠢ ᠠᠭᠠᠵᠢᠮ ᠢᠶᠠᠷ ᠳᠡᠭᠡᠭᠰᠢᠯᠡᠬᠦ ᠪᠣᠯᠣᠮᠵᠢ ᠲᠠᠢ ᠭᠡᠵᠦ ᠬᠠᠷᠢᠭᠤᠯᠪᠠ᠃ | ᠶᠢᠨ ᠰᠢᠶᠠᠨ ᠳ᠋ᠦᠩ᠂ ᠦᠢᠯᠡᠳᠪᠦᠷᠢᠯᠡᠬᠦ ᠴᠢᠳᠠᠪᠤᠷᠢ ᠶᠢᠨ ᠠᠰᠠᠭᠤᠳᠠᠯ ᠳᠤ ᠠᠵᠤ ᠠᠬᠤᠢ ᠶᠢᠨ ᠵᠢᠮ᠎ᠡ | ᠶᠣᠰᠣ ᠠᠴᠠ ᠡᠭᠦᠰᠴᠦ᠂ ᠪᠤᠰᠤᠳᠴᠢ ᠪᠥᠭᠡᠳ ᠬᠤᠪᠢᠰᠤᠩᠭᠤᠢ ᠪᠠᠷ ᠬᠠᠨᠳᠤᠬᠤ ᠬᠡᠷᠡᠭᠲᠡᠢ᠃ ᠵᠠᠬ᠎ᠠ ᠳᠡᠯᠭᠡᠭᠦᠷ ᠤᠨ | ᠠᠵᠤ ᠠᠬᠤᠢ ᠶᠢᠨ ᠨᠥᠬᠦᠴᠡᠯ ᠳᠣᠣᠷ᠎ᠠ᠂ ᠬᠠᠩᠭᠠᠯᠭ᠎ᠠ ᠬᠡᠷᠡᠭᠴᠡᠭᠡ ᠲᠡᠩᠴᠡᠭᠦᠷᠢᠲᠡᠢ ᠪᠠᠶᠢᠬᠤ ᠪᠣᠯ ᠬᠠᠷᠢᠴᠠᠩᠭᠤᠢ | ᠪᠠᠶᠢᠳᠠᠭ᠂ ᠲᠡᠩᠴᠡᠭᠦᠷᠢ ᠦᠭᠡᠢ ᠪᠠᠶᠢᠬᠤ ᠪᠣᠯ ᠲᠦᠭᠡᠮᠡᠯ ᠪᠠᠶᠢᠳᠠᠭ᠂ ᠵᠣᠬᠢᠬᠤ ᠬᠡᠮᠵᠢᠶᠡᠨ ᠤ ᠦᠢᠯᠡᠳᠪᠦᠷᠢᠯᠡᠯ ᠨᠢ | ᠬᠡᠷᠡᠭᠴᠡᠭᠡ ᠠᠴᠠ ᠶᠡᠭᠡ ᠪᠠᠶᠢᠬᠤ ᠨᠢ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠠᠰᠢᠭᠲᠠᠢ ᠪᠠᠶᠢᠬᠤ ᠪᠠ ᠰᠢᠯᠢᠳᠡᠭ | ᠨᠢ ᠢᠯᠠᠵᠤ ᠰᠢᠭᠠᠷᠤ ᠨᠢ ᠰᠢᠭᠰᠢᠭᠳᠡᠬᠦ ᠳᠤ ᠠᠰᠢᠭᠲᠠᠢ ᠭᠡᠵᠦ ᠵᠢᠭᠠᠵᠤ ᠭᠠᠷᠭᠠᠪᠠ᠃ ︽ᠵᠠᠷᠢᠮ ᠲᠠᠯ᠎ᠠ ᠪᠠᠷ | ᠦᠢᠯᠡᠳᠪᠦᠷᠢᠯᠡᠬᠦ ᠴᠢᠳᠠᠪᠤᠷᠢ ᠶᠢᠨ ᠠᠰᠠᠭᠤᠳᠠᠯ ᠢ ᠤᠯᠠᠨ ᠤᠯᠤᠰ ᠤᠨ ᠠᠷᠠᠯᠵᠢᠶ᠎ᠠ ᠲᠠᠢ ᠬᠤᠯᠪᠣᠭᠳᠠᠭᠤᠯᠵᠤ᠂ | ᠭᠠᠳᠠᠭᠠᠳᠤ ᠳᠤ ᠭᠠᠷᠭᠠᠬᠤ ᠲᠠᠸᠠᠷ ᠠᠷᠪᠢᠳᠠᠪᠠᠯ ᠦᠢᠯᠡᠳᠪᠦᠷᠢᠯᠡᠬᠦ ᠴᠢᠳᠠᠪᠤᠷᠢ ᠦᠯᠡᠭᠦᠳᠡᠭᠰᠡᠨ ᠶᠠᠪᠤᠳᠠᠯ ᠪᠣᠯᠣᠨ᠎ᠠ | ᠭᠡᠵᠦ ᠦᠵᠡᠬᠦ ᠨᠢ ᠦᠨᠳᠦᠰᠦ ᠪᠠᠷᠢᠮᠲᠠ ᠦᠭᠡᠢ ᠶᠤᠮ︾᠃ ᠶᠢᠨ ᠰᠢᠶᠠᠨ ᠳ᠋ᠦᠩ᠂ ᠳᠤᠮᠳᠠᠳᠤ ᠤᠯᠤᠰ ᠵᠢᠯ ᠪᠦᠷᠢ | ᠢᠯᠲᠠᠰᠤ᠂ ᠨᠢᠰᠬᠡᠯ᠂ ᠰᠢᠷ᠎ᠠ ᠪᠤᠷᠴᠠᠭ᠂ ᠲᠦᠭᠦᠬᠡᠢ ᠲᠣᠰᠣ ᠵᠡᠷᠭᠡ ᠲᠠᠸᠠᠷ ᠢ ᠶᠡᠭᠡ ᠬᠡᠮᠵᠢᠶ᠎ᠡ ᠪᠠᠷ ᠭᠠᠳᠠᠭᠠᠳᠤ ᠠᠴᠠ | ᠣᠷᠣᠭᠤᠯᠵᠤ ᠪᠠᠶᠢᠭ᠎ᠠ ᠨᠢ ᠡᠳᠡᠭᠡᠷ ᠲᠠᠸᠠᠷ ᠢ ᠭᠠᠳᠠᠭᠠᠳᠤ ᠳᠤ ᠭᠠᠷᠭᠠᠵᠤ ᠪᠠᠶᠢᠭ᠎ᠠ ᠤᠯᠤᠰ ᠤᠨ ᠦᠢᠯᠡᠳᠪᠦᠷᠢᠯᠡᠬᠦ | ᠴᠢᠳᠠᠪᠤᠷᠢ ᠦᠯᠡᠭᠦᠳᠡᠵᠦ ᠪᠠᠶᠢᠬᠤ ᠶᠢ ᠬᠠᠷᠠᠭᠤᠯᠵᠤ ᠪᠠᠶᠢᠭ᠎ᠠ ᠪᠢᠰᠢ᠃ ᠠᠳᠠᠯᠢ ᠪᠤᠰᠤ ᠤᠯᠤᠰ ᠤᠨ ᠲᠤᠰ ᠲᠤᠰ ᠤᠨ | ᠳᠠᠪᠠᠭᠤᠯᠢᠭ ᠠᠵᠤ ᠦᠢᠯᠡᠰ ᠲᠠᠬᠢ ᠦᠢᠯᠡᠳᠪᠦᠷᠢᠯᠡᠬᠦ ᠴᠢᠳᠠᠪᠤᠷᠢ ᠨᠢ ᠶᠡᠭᠡ ᠰᠢᠭ᠂ ᠪᠤᠰᠤᠳ ᠠᠵᠤ ᠦᠢᠯᠡᠰ ᠲᠠᠬᠢ | ᠦᠢᠯᠡᠳᠪᠦᠷᠢᠯᠡᠬᠦ ᠴᠢᠳᠠᠪᠤᠷᠢ ᠨᠢ ᠪᠠᠭ᠎ᠠ ᠰᠢᠭ᠋ ᠪᠠᠶᠢᠳᠠᠭ ᠨᠢ ᠡᠯ᠎ᠡ ᠤᠯᠤᠰ ᠤᠨ ᠬᠠᠷᠢᠴᠠᠭᠤᠯᠤᠭᠰᠠᠨ ᠳᠠᠪᠠᠭᠤᠯᠢᠭ ᠢᠶᠠᠷ | ᠲᠣᠭᠲᠠᠭᠠᠭᠳᠠᠳᠠᠭ ᠭᠡᠪᠡ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢᠨ ᠬᠠᠤᠯᠢ ᠲᠣᠭᠲᠠᠭᠠᠬᠤ | ᠠᠬᠢᠴᠠ ᠶᠢ ᠲᠦᠷᠭᠡᠳᠬᠡᠨ ᠠᠬᠢᠭᠤᠯᠤᠨ᠎ᠠ | ᠶᠤᠸᠠᠨ ᠳ᠋ᠠ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠲᠦᠷᠦᠭᠦᠦ ᠤᠯᠠᠷᠢᠯ ᠳᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠰᠠᠶᠢᠨ ᠡᠭᠢᠯᠡᠯᠲᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠭᠦᠢᠴᠡᠳᠬᠡᠯ ᠲᠤᠭ᠎ᠠ ᠰᠠᠶᠢᠵᠢᠷᠠᠬᠤ ᠬᠠᠨᠳᠤᠰᠢ ᠲᠠᠢ ᠪᠣᠯᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠨᠡᠮᠡᠭᠳᠡᠯ ᠤᠨ ᠬᠤᠷᠳᠤᠴᠠ ᠲᠦᠷᠭᠡᠳᠴᠦ᠂ ᠠᠷᠠᠳ ᠤᠨ ᠪᠡᠯᠡ ᠣᠷᠣᠭᠤᠯᠤᠯᠲᠠ ᠶᠢᠨ ᠳᠠᠯᠳᠠ | ᠬᠦᠴᠦᠨ ᠦᠷᠭᠦᠯᠵᠢᠯᠡᠨ ᠪᠠᠳᠠᠷᠠᠵᠤ᠂ ᠲᠦᠷᠦᠭᠦᠦ ᠤᠯᠠᠷᠢᠯ ᠳᠤ ᠠᠷᠠᠳ ᠤᠨ ᠪᠡᠯᠡ ᠣᠷᠣᠭᠤᠯᠤᠯᠲᠠ 0.5% ᠪᠠᠷ | ᠨᠡᠮᠡᠭᠳᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ | ᠬᠤᠷᠳᠤᠴᠠ ᠪᠦᠬᠦᠯᠢ ᠴᠣᠭᠴᠠ ᠶᠢᠨ ᠲᠦᠪᠰᠢᠨ ᠠᠴᠠ ᠢᠯᠡᠳᠲᠡ ᠲᠦᠷᠭᠡᠨ ᠪᠣᠯᠵᠤ᠂ ᠲᠦᠷᠦᠭᠦᠦ ᠤᠯᠠᠷᠢᠯ ᠳᠤ | ᠠᠷᠠᠳ ᠤᠨ ᠵᠣᠭᠤᠰ ᠢᠶᠠᠷ ᠦᠨ᠎ᠡ ᠪᠤᠳᠤᠬᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ | ᠠᠴᠠ ᠣᠷᠣᠭᠤᠯᠵᠤ ᠭᠠᠷᠭᠠᠭᠰᠠᠨ ᠬᠡᠮᠵᠢᠶ᠎ᠡ 10.7% ᠪᠠᠷ ᠨᠡᠮᠡᠭᠳᠡᠵᠦ᠂ ᠪᠦᠬᠦᠯᠢ ᠴᠣᠭᠴᠠ ᠶᠢᠨ ᠭᠠᠳᠠᠭᠠᠳᠤ ᠠᠴᠠ | ᠣᠷᠣᠭᠤᠯᠵᠤ ᠭᠠᠷᠭᠠᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 5.7 ᠬᠤᠪᠢ | ᠲᠦᠷᠭᠡᠨ ᠪᠣᠯᠵᠤ᠂ ᠡᠵᠡᠯᠡᠬᠦ ᠬᠠᠷᠢᠴᠠᠯ ᠨᠢ 54.3% ᠳᠤ ᠬᠦᠷᠴᠡᠢ᠃ | ᠶᠤᠸᠠᠨ ᠳ᠋ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠶᠢᠨ | ᠬᠤᠭᠤᠴᠠᠭᠠᠨ ᠳᠤ ᠪᠦᠭᠦ ᠤᠯᠤᠰ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ | ᠬᠤᠷᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ | ᠶᠠᠮᠤᠨ ᠤ ᠬᠤᠭᠤᠷᠣᠨᠳᠣᠭᠢ ᠬᠠᠮᠲᠤᠷᠠᠭᠰᠠᠨ ᠬᠤᠷᠠᠯ ᠤᠨ ᠠᠩᠬᠠᠳᠤᠭᠠᠷ ᠪᠦᠭᠦᠳᠡ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ 2024 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠲᠠᠷᠠᠭᠠᠴᠢ ᠶᠢᠨ ᠠᠯᠬᠤᠮ ᠳᠤ | ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ | ᠬᠠᠤᠯᠢ ᠶᠢᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠭᠢᠭᠤᠯᠤᠨ᠎ᠠ; ᠠᠵᠤ ᠠᠬᠤᠶᠢᠯᠠᠯ ᠤᠨ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠵᠦ᠂ ᠴᠤᠭᠯᠠᠭᠤᠯᠬᠤ᠂ | ᠭᠦᠢᠴᠡᠳᠬᠡᠬᠦ᠂ ᠬᠠᠷᠢᠭᠤ ᠲᠤᠰᠬᠠᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠠᠵᠢᠯ ᠤᠨ ᠬᠠᠮᠲᠤᠷᠠᠯ ᠬᠦᠴᠦᠨ | ᠪᠠ ᠨᠠᠶᠢᠳᠠᠪᠤᠷᠢᠵᠢᠭᠤᠯᠬᠤ ᠪᠢᠲᠡᠭᠦᠦ ᠭᠤᠭᠴᠤᠭ᠎ᠠ ᠶᠢ ᠪᠦᠷᠢᠯᠳᠦᠭᠦᠯᠦᠨ᠎ᠡ; ᠰᠠᠶᠢᠨ ᠰᠠᠶᠢᠬᠠᠨ ᠠᠭᠤᠷ ᠠᠮᠢᠰᠬᠤᠯ ᠢ | ᠦᠷᠭᠦᠯᠵᠢᠯᠡᠨ ᠪᠤᠶ ᠪᠤᠯᠭᠠᠵᠤ᠂ ᠪᠠᠶᠢᠩᠭᠤ ᠶᠢᠨ ᠣᠯᠣᠯᠴᠠᠭ᠎ᠠ ᠰᠣᠯᠢᠯᠴᠠᠭᠠᠨ ᠤ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ | ᠲᠤᠬᠠᠢ ᠶᠢᠨ ᠲᠠᠯᠠᠪᠠᠶ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠤᠨ᠎ᠠ | ᠭᠡᠵᠦ ᠢᠯᠡᠳᠬᠡᠪᠡ᠃ | ᠬᠡᠷᠡᠭᠯᠡᠭᠡ ᠲᠣᠭᠲᠠᠭᠤᠨ ᠢᠶᠠᠷ ᠲᠠᠰ ᠳᠠᠪᠰᠢᠵᠤ᠂ ᠲᠣᠭᠲᠠᠭᠤᠨ ᠢᠶᠠᠷ ᠰᠠᠶᠢᠵᠢᠷᠠᠬᠤ ᠬᠥᠭᠵᠢᠯᠲᠡ ᠶᠢᠨ | ᠪᠠᠶᠢᠳᠠᠯ ᠢ ᠪᠠᠲᠤᠯᠠᠬᠤ ᠨᠥᠬᠦᠴᠡᠯ ᠪᠣᠯᠣᠮᠵᠢ ᠲᠠᠢ | ᠶᠢᠨ ᠰᠢᠶᠠᠨ ᠳ᠋ᠦᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠬᠡᠷᠡᠭᠯᠡᠭᠡ ᠶᠢᠨ ᠵᠠᠬ᠎ᠠ | ᠳᠡᠯᠭᠡᠭᠦᠷ ᠶᠡᠷᠦᠩᠬᠡᠢ ᠳᠡᠭᠡᠨ ᠨᠡᠯᠢᠶᠡᠳ ᠰᠠᠶᠢᠨ ᠰᠡᠷᠭᠦᠪᠡ᠃ ᠪᠦᠭᠦ ᠵᠢᠯ ᠢ ᠪᠠᠷᠠᠯᠠᠬᠤᠶ᠎ᠠ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠲᠠᠶᠢᠴᠢᠯᠠᠯ ᠳᠣᠣᠷ᠎ᠠ᠂ ᠡᠯ᠎ᠡ | ᠭᠠᠵᠠᠷ ᠣᠷᠣᠨ ᠡᠯ᠎ᠡ ᠬᠦᠷᠢᠶᠡᠨ ᠤ ᠬᠢᠨ ᠬᠡᠷᠡᠭᠯᠡᠭᠡᠨ ᠤ ᠦᠵᠡᠭᠳᠡᠯ ᠪᠠᠶᠢᠳᠠᠯ ᠢ ᠲᠠᠰᠤᠷᠠᠯᠳᠠ ᠦᠭᠡᠢ ᠰᠢᠨᠡᠴᠢᠯᠡᠵᠦ᠂ | ᠬᠡᠷᠡᠭᠯᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠷᠡᠭᠯᠡᠭᠡ ᠶᠢᠨ ᠨᠡᠮᠡᠭᠳᠡᠯ ᠢ ᠲᠤᠯᠭᠠᠭᠤᠷᠢᠯᠠᠬᠤ ᠢᠳᠡᠪᠬᠢ | ᠡᠯᠧᠮᠧᠨ᠋ᠲ ᠨᠡᠮᠡᠭᠳᠡᠵᠦ᠂ ᠬᠡᠷᠡᠭᠯᠡᠭᠡ ᠲᠣᠭᠲᠠᠭᠤᠨ ᠢᠶᠠᠷ ᠲᠡᠰ ᠳᠡᠪᠰᠢᠬᠦ᠂ ᠲᠣᠭᠲᠠᠭᠤᠨ ᠢᠶᠠᠷ ᠰᠠᠶᠢᠵᠢᠷᠠᠬᠤ | ᠬᠥᠭᠵᠢᠯᠲᠡ ᠶᠢᠨ ᠪᠠᠶᠢᠳᠠᠯ ᠢᠶᠠᠨ ᠪᠠᠲᠤᠯᠠᠬᠤ ᠨᠥᠬᠦᠴᠡᠯ ᠪᠣᠯᠣᠮᠵᠢ ᠲᠠᠢ ᠭᠡᠵᠦ ᠲᠠᠨᠢᠯᠴᠠᠭᠤᠯᠪᠠ᠃ | ᠶᠢᠨ ᠰᠢᠶᠠᠨ ᠳ᠋ᠦᠩ᠂ ᠲᠠᠷᠠᠭᠠᠴᠢ ᠶᠢᠨ ᠠᠯᠬᠤᠮ ᠳᠤ ᠭᠤᠷᠪᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠠᠳᠬᠤᠨ᠎ᠠ᠄ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ | ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠭᠲᠠᠴᠠ ᠶᠢ | ᠪᠦᠷᠢᠨᠰᠢᠭᠦᠯᠵᠦ᠂ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ ᠶᠢᠨ ᠵᠦᠢ ᠵᠣᠬᠢᠰᠲᠠᠢ | ᠲᠣᠭᠲᠠᠭᠤᠨ ᠢᠶᠠᠷ ᠨᠡᠮᠡᠭᠳᠡᠬᠦ ᠶᠢ ᠠᠭᠢᠭᠤᠯᠤᠨ᠎ᠠ;ᠭᠡᠷᠡᠭᠴᠡᠭᠡ ᠶᠢ ᠰᠢᠯᠢᠳᠡᠭᠵᠢᠭᠦᠯᠦᠨ ᠬᠠᠩᠭᠠᠯᠭ᠎ᠠ ᠶᠢ ᠥᠷᠭᠡᠳᠬᠡᠵᠦ᠂ | ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠦᠷᠭᠦᠯᠵᠢᠯᠡᠨ ᠪᠤᠢ ᠪᠤᠯᠭᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠢ | ᠢᠳᠡᠪᠬᠢᠲᠡᠢ ᠰᠠᠶᠢᠲᠤᠷ ᠭᠢᠨ᠎ᠡ; ᠡᠷᠬᠡ ᠠᠰᠢᠭ ᠢ ᠴᠢᠬᠤᠯᠠᠴᠢᠯᠠᠨ ᠬᠤᠷᠢᠭ᠎ᠠ ᠱᠤᠭᠤᠮ ᠢ ᠰᠠᠬᠢᠵᠤ᠂ ᠢᠲᠡᠭᠡᠮᠵᠢᠲᠡᠢ | ᠬᠡᠷᠡᠭᠯᠡᠭᠡ ᠶᠢᠨ ᠣᠷᠴᠢᠨ ᠨᠥᠬᠦᠴᠡᠯ ᠢ ᠬᠦᠴᠦᠯᠡᠨ ᠪᠤᠶ ᠪᠤᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠬᠡᠷᠡᠭᠯᠡᠭᠴᠢᠳ ᠤᠨ ᠭᠤᠮᠣᠳᠠᠯ ᠲᠣᠭᠠᠴᠢᠬᠤ ᠪᠠ ᠡᠷᠬᠡ ᠠᠰᠢᠭ ᠢᠶᠠᠨ ᠬᠠᠮᠠᠭᠠᠯᠠᠬᠤ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠢᠲᠡᠭᠡᠮᠵᠢᠲᠡᠢ ᠬᠡᠷᠡᠭᠯᠡᠭᠡ ᠶᠢᠨ ᠳᠦᠷᠢᠮ ᠤᠨ ᠪᠢᠲᠡᠭᠦᠦ ᠭᠤᠭᠴᠤᠭ᠎ᠠ ᠶᠢ | ᠲᠦᠷᠭᠡᠳᠬᠡᠨ ᠪᠤᠶ ᠪᠣᠯᠭᠠᠨ᠎ᠠ ᠭᠡᠪᠡ᠃ | | |