| | ᠣᠳᠣᠬᠠᠨ ᠳᠤ ᠪᠦᠭᠦ ᠤᠯᠤᠰ ᠤᠨ ᠡᠯ᠎ᠡ ᠭᠠᠵᠠᠷ ᠤᠨ ᠬᠢᠨ ᠶᠠᠭ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠰᠤᠳᠤᠯᠭᠠᠨ ᠪᠠ ᠦᠢᠯᠡᠳᠦᠯᠭᠡ ᠶᠢ ᠪᠠᠴᠢᠮ ᠶᠠᠭᠠᠷᠠᠯᠲᠠᠢ | ᠥᠷᠨᠢᠭᠦᠯᠵᠦ ᠪᠠᠶᠢᠨ᠎ᠠ᠂ ᠭᠡᠪᠡᠴᠦ ᠵᠠᠷᠢᠮ ᠭᠠᠵᠠᠷ ᠤᠨ ᠬᠢᠨ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ︾ | ᠱᠠᠭᠠᠷᠳᠠᠯᠭ᠎ᠠ ᠶᠢᠨ ᠲᠤᠬᠠᠢ ᠣᠶᠢᠯᠠᠭᠠᠯᠲᠠ ᠪᠠᠷ ᠲᠡᠶᠢᠮᠦ ᠭᠦᠨᠵᠡᠭᠡᠢ ᠪᠢᠰᠢ ᠪᠠᠶᠢᠨ᠎ᠠ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠨᠢᠭᠡᠨ ᠲᠣᠮᠣ ᠶᠠᠪᠤᠳᠠᠯ᠂ ᠰᠢᠨ᠎ᠡ ᠶᠠᠪᠤᠳᠠᠯ ᠮᠥᠨ᠂ ᠰᠢᠨ᠎ᠡ | ᠬᠥᠭᠵᠢᠯᠲᠡ ᠶᠢᠨ ᠠᠵᠠ ᠲᠣᠭᠢᠶᠠᠯ ᠤᠨ ᠡᠮᠦᠨ᠎ᠡ᠂ ᠰᠡᠳᠬᠢᠯ ᠵᠢᠷᠦᠬᠡᠨ ᠳᠡᠭᠡᠨ ᠬᠠᠯᠠᠭᠤᠨ ᠰᠡᠳᠬᠢᠯᠭᠡ ᠲᠠᠢ ᠪᠠᠶᠢᠬᠤ | ᠬᠡᠷᠡᠭᠲᠡᠢ᠂ ᠭᠡᠪᠡᠴᠦ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠯᠬᠤᠮ ᠢᠶᠠᠨ ᠪᠠᠲᠤ ᠪᠠᠶᠢᠯᠭᠠᠵᠤ᠂ ᠲᠤᠰ | ᠪᠡᠶ᠎ᠡ ᠶᠢᠨ ᠡᠬᠢ ᠪᠠᠶᠠᠯᠢᠭ ᠤᠨ ᠢᠶᠠᠨ ᠳᠠᠪᠠᠭᠤᠯᠢᠭ ᠢ ᠦᠨᠳᠦᠰᠦᠯᠡᠨ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ | ᠠᠪᠬᠤ ᠬᠡᠷᠡᠭᠲᠡᠢ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠣᠯᠭᠠᠳᠠᠭ᠂ ᠣᠨᠴᠠᠯᠢᠭ | ᠨᠢ ᠰᠢᠨ᠎ᠡ ᠶᠢ ᠡᠭᠦᠳᠬᠦ ᠳᠤ ᠪᠤᠢ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ᠂ ᠮᠥᠨ ᠴᠢᠨᠠᠷ ᠨᠢ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠳᠤ ᠪᠤᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠬᠠᠢ | ᠣᠶᠢᠯᠠᠭᠠᠯᠲᠠ ᠨᠢ ᠤᠷᠤᠰᠬᠠᠯᠴᠢᠯᠠᠬᠤ ᠪᠢᠰᠢ᠂ ᠤᠬᠠᠭᠳᠠᠬᠤᠨᠴᠢᠯᠠᠬᠤ ᠪᠢᠰᠢ᠂ ᠲᠡᠮᠳᠡᠭ ᠬᠠᠳᠠᠬᠤ ᠪᠢᠰᠢ᠂ ᠦᠡᠭᠭᠡᠨ | ᠲᠠᠯ᠎ᠠ ᠶᠢᠨ ᠡᠷᠳᠡᠮ ᠢᠶᠠᠷ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠳᠡᠶᠢᠯᠭᠦ ᠦᠭᠡᠢ᠂ ᠠᠵᠤ | ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠳᠡᠶᠢᠯᠭᠦ ᠦᠭᠡᠢ᠂ ᠨᠡᠩ ᠴᠤ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠵᠤ ᠳᠡᠶᠢᠯᠭᠦ ᠦᠭᠡᠢ ᠶᠤᠮ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠪᠤᠰᠤᠳᠴᠢ | ᠵᠢᠮ᠎ᠡ ᠶᠣᠰᠣ ᠶᠢ ᠬᠦᠨᠳᠦᠳᠬᠡᠬᠦ ᠬᠡᠷᠡᠭᠲᠡᠢ᠃ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠨᠢ ᠥᠷᠯᠥᠭᠡ | ᠦᠳᠡᠰᠢ ᠶᠢᠨ ᠬᠤᠭᠤᠷᠣᠨᠳᠤ ᠪᠢᠰᠢ᠂ ᠨᠡᠩ ᠴᠤ ᠬᠡᠢ ᠬᠤᠭᠤᠰᠤᠨ ᠢᠶᠠᠷ ᠢᠯᠡᠷᠡᠬᠦ ᠪᠢᠰᠢ᠂ ᠬᠠᠷᠢᠨ ᠠᠯᠬᠤᠮ | ᠲᠠᠷᠠᠭ᠎ᠠ ᠲᠠᠢ ᠪᠠᠷ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠯ᠎ᠡ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ | ᠠᠵᠤ ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠨᠢ ᠴᠥᠮ ᠠᠳᠠᠯᠢ ᠪᠤᠰᠤ | ᠪᠠᠶᠢᠳᠠᠭ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠡᠯ᠎ᠡ ᠭᠠᠵᠠᠷ ᠤᠨ ᠲᠤᠰ ᠪᠡᠶ᠎ᠡ ᠶᠢᠨ ᠣᠨᠴᠠᠯᠢᠭ ᠪᠠ | ᠳᠠᠪᠠᠭᠤᠯᠢᠭ ᠢ ᠭᠦᠢᠴᠡᠳ ᠭᠦᠨᠳᠦᠳᠭᠡᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠥᠭᠵᠢᠯᠲᠡ ᠶᠢᠨ ᠠᠷᠭ᠎ᠠ | ᠵᠠᠮ ᠢ ᠡᠷᠢᠨ ᠣᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠦᠶ᠎ᠡ ᠳᠤ ᠨᠢᠭᠡ ᠯᠡ | ᠳᠡᠭᠡᠷ᠎ᠡ ᠳᠡᠷᠪᠡᠵᠦ ᠰᠣᠬᠤᠷ ᠪᠠᠯᠠᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ | ᠵᠦᠢᠯ ᠤᠨ ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ᠂ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠪᠠ ᠥᠷᠲᠡᠭ ᠢ ᠣᠨᠳᠣᠣᠰᠢᠭᠤᠯᠬᠤ ᠶᠢ ᠴᠢᠬᠤᠯᠠᠴᠢᠯᠠᠬᠤ ᠬᠡᠷᠡᠭᠲᠡᠢ | ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠲᠦᠷᠭᠡᠳᠬᠡᠨ ᠬᠥᠭᠵᠢᠭᠦᠯᠬᠦ︾ ᠶᠢ ᠡᠯ᠎ᠡ ᠵᠦᠢᠯ ᠤᠨ ᠡᠭᠦᠷᠭᠡ ᠶᠢᠨ ᠲᠡᠷᠢᠭᠦᠨ ᠳᠤ ᠲᠠᠯᠪᠢᠭᠰᠠᠨ ᠪᠥᠭᠡᠳ ︽ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠠᠬᠢᠭᠤᠯᠬᠤ ᠬᠡᠷᠡᠭᠲᠡᠢ︾ ᠭᠡᠵᠦ ᠳᠤᠷᠠᠳᠴᠠᠢ᠃ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠵᠥᠪᠭᠡᠨ ︽ | ᠲᠤᠷᠰᠢᠯᠲᠠ ᠶᠢᠨ ᠲᠠᠰᠤᠭ︾ ᠲᠤ ᠪᠠᠶᠢᠯᠭᠠᠵᠤ ᠪᠤᠯᠬᠤ ᠦᠭᠡᠢ᠂ ᠨᠡᠩ ᠴᠤ ︽ᠦᠢᠯᠡᠳᠪᠦᠷᠢᠯᠡᠯ ᠤᠨ ᠱᠤᠭᠤᠮ︾ | ᠳᠡᠭᠡᠷᠡᠬᠢ ᠦᠢᠯᠡᠳᠬᠦᠨ᠂ ᠲᠣᠮᠣ ᠵᠠᠬ᠎ᠠ ᠳᠡᠯᠭᠡᠭᠦᠷ ᠲᠠᠬᠢ ᠲᠠᠸᠠᠷ ᠪᠤᠯᠭᠠᠬᠤ ᠬᠡᠷᠡᠭᠲᠡᠢ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠵᠤ ᠦᠢᠯᠡᠰ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ | ᠲᠦᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠣᠭᠤᠷᠢᠨ ᠳᠤ ᠠᠵᠤ | ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠬᠤ ᠬᠡᠷᠡᠭᠲᠡᠢ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠢᠨ᠎ᠡ ᠯᠣᠩᠬᠤᠨ ᠳᠤ | ᠬᠠᠭᠤᠴᠢᠨ ᠠᠷᠢᠬᠢ ᠰᠠᠪᠠᠯᠠᠵᠤ ᠪᠤᠯᠬᠤ ᠦᠭᠡᠢ᠃ ᠣᠳᠣᠬᠠᠨ ᠳᠤ᠂ ᠴᠥᠭᠡᠨ ᠪᠤᠰᠤ ᠭᠠᠵᠠᠷ ᠣᠷᠣᠨ ᠰᠢᠨ᠎ᠡ ᠶᠢ | ᠡᠭᠦᠳᠦᠨ᠎ᠡ ᠭᠡᠪᠡᠯ ᠡᠷᠬᠡᠪᠰᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠡᠯᠡᠵᠦ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠨᠢᠭᠡᠨ ᠰᠠᠭᠰᠤ ᠪᠠᠷ ᠦᠵᠡᠵᠦ ᠶᠠᠭᠤ ᠪᠦᠭᠦᠨ ᠢ ᠳᠣᠲᠣᠷ᠎ᠠ ᠨᠢ ᠰᠠᠪᠠᠯᠠᠵᠤ | ᠂ ᠰᠣᠬᠤᠷ ᠪᠠᠯᠠᠢ ᠪᠠᠷ ︽ᠰᠢᠨ᠎ᠡ︾ ᠶᠢ ᠬᠥᠭᠡᠭᠡᠴᠡᠯᠳᠦᠭᠡᠳ ︽ᠴᠢᠨᠠᠷ︾ ᠢ ᠣᠮᠲᠣᠭᠠᠶᠢᠯᠠᠵᠤ ᠪᠠᠶᠢᠨ᠎ᠠ᠃ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠶᠢᠨ ᠭᠤᠣᠯ ᠡᠯᠧᠮᠧᠨ᠋ᠲ ᠮᠥᠨ᠂ ᠭᠡᠪᠡᠴᠦ ᠰᠢᠨ᠎ᠡ ᠡᠭᠦᠳᠦᠯᠲᠡ ᠲᠠᠢ ᠬᠠᠪᠢᠳᠠᠬᠤ ᠪᠦᠭᠦᠨ ᠨᠢ ᠴᠥᠮ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠰᠡᠨ ᠪᠢᠰᠢ ᠶᠤᠮ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠭᠤᠣᠯᠯᠠᠬᠤ ᠦᠢᠯᠡᠳᠦᠯ ᠦᠵᠡᠭᠦᠯᠵᠦ᠂ ᠤᠯᠠᠮᠵᠢᠯᠠᠯᠲᠤ | ᠠᠵᠤ ᠠᠬᠤᠢ ᠶᠢᠨ ᠨᠡᠮᠡᠭᠳᠡᠯ ᠤᠨ ᠠᠷᠭ᠎ᠠ ᠭᠡᠯᠪᠡᠷᠢ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ | ᠵᠠᠮ ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ᠂ ᠥᠨᠳᠥᠷ ᠪᠦᠲᠦᠮᠵᠢᠲᠡᠢ᠂ | ᠴᠢᠨᠠᠷ ᠰᠠᠶᠢᠲᠠᠢ ᠪᠠᠶᠢᠬᠤ ᠣᠨᠴᠠᠯᠢᠭ ᠲᠠᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠭᠰᠡᠨ | ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠪᠦᠬᠦᠢ ᠪᠠᠶᠢᠳᠠᠯ ᠪᠣᠯᠣᠨ᠎ᠠ᠃ | ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ᠂ ᠰᠢᠰᠲ᠋ᠧᠮᠲᠦ ᠢᠨᠵᠧᠨᠧᠷᠢᠩ ᠮᠥᠨ᠂ | ᠬᠤᠯᠪᠣᠭᠳᠠᠬᠤ ᠲᠠᠯ᠎ᠠ ᠨᠢ ᠨᠡᠯᠢᠶᠡᠳ ᠤᠯᠠᠨ ᠪᠠᠶᠢᠳᠠᠭ᠂ ᠭᠠᠭᠴᠠ ᠬᠦ ᠤᠷᠢᠳᠴᠢᠯᠠᠨ ᠠᠷᠭ᠎ᠠ ᠰᠦᠪᠡᠭᠴᠢᠯᠡᠵᠦ᠂ | ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠨᠢᠭᠡᠳᠦᠯᠲᠡᠢ ᠲᠥᠯᠥᠪᠵᠢᠭᠦᠯᠵᠦ ᠨᠡᠶᠢᠳᠡ ᠳᠤᠨᠢ ᠬᠠᠷᠠᠭᠠᠯᠵᠠᠪᠠᠯ | ᠰᠠᠶ᠋ᠢ ᠯᠠᠪᠳᠠᠭᠤᠨ ᠪᠠᠲᠤᠲᠠᠢ ᠪᠠᠷ ᠤᠷᠤᠭᠰᠢ ᠠᠬᠢᠭᠤᠯᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ | ᠥᠪᠡᠷ ᠤᠨ ᠭᠠᠷ ᠲᠠᠭᠠᠨ ᠪᠠᠲᠤ ᠡᠵᠡᠮᠰᠢᠵᠦ ᠴᠢᠳᠠᠨ᠎ᠠ᠃ | | |