| | | ᠳ᠋ᠢᠩ ᠶᠠᠨ᠂ ᠯᠢ ᠵᠧᠨ | ᠣᠶᠢᠯᠤᠨ ᠳᠠᠪᠠᠯᠭᠠᠯᠠᠭᠰᠠᠨ ᠬᠠᠲᠤᠨ ᠭᠤᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠦᠭᠡᠬᠤᠲᠠ ᠶᠢᠨ ᠴᠢᠩ ᠱᠦᠢ ᠾᠧ ᠰᠢᠶᠠᠨ᠂ ᠣᠷᠳᠣᠰ ᠬᠤᠲᠠ ᠶᠢᠨ ᠵᠡᠭᠦᠨᠭᠠᠷ ᠬᠤᠰᠢᠭᠤ ᠬᠢᠭᠡᠳ ᠱᠠᠨ ᠰᠢ | ᠮᠤᠵᠢ ᠶᠢᠨ ᠰᠢᠨᠵᠸᠤ ᠬᠤᠲᠠ ᠶᠢᠨ ᠫᠢᠶᠠᠨ ᠭᠤᠸᠠᠨ ᠰᠢᠶᠠᠨ ᠤ ᠠᠭᠤᠯᠵᠠᠷ ᠲᠤ ᠭᠦᠷᠦᠭᠡᠳ ︽ᠥᠨᠳᠥᠷ ᠬᠠᠪᠴᠢᠯ | ᠳᠤᠷ ᠲᠣᠯᠢ ᠮᠡᠲᠦ ᠨᠠᠭᠤᠷ ᠮᠡᠯᠮᠡᠯᠵᠡᠬᠦ︾ ᠠᠳᠠᠪᠠᠰᠢ ᠰᠦᠷᠯᠢᠭ ᠦᠵᠡᠮᠵᠢ᠂ ︽ᠶᠡᠭᠡ ᠪᠠᠶᠢᠭᠠᠯᠢ ᠶᠢᠨ ᠤᠷᠠᠯᠠᠨ | ᠰᠡᠶᠢᠯᠪᠦᠷᠢᠯᠡᠭᠰᠡᠨ︾ ᠡᠴᠢᠨ᠎ᠡ ᠭᠠᠶᠢᠬᠠᠮᠰᠢᠭ ᠢ ᠢᠯᠡᠷᠡᠭᠦᠯᠵᠦ᠂ ᠳᠤᠮᠳᠠᠳᠤ ᠤᠯᠤᠰ ᠤᠨ ᠬᠠᠮᠤᠭ ᠤᠨ ᠭᠤᠶᠣ ᠠᠷᠪᠠᠨ | ᠶᠡᠭᠡ ᠬᠠᠪᠴᠢᠯ ᠤᠨ ᠨᠢᠭᠡ ᠪᠤᠯᠬᠤ ᠬᠡᠪᠲᠡᠭᠡ ᠦᠬᠡᠷ ᠤᠨ ᠲᠣᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠢ | ᠪᠦᠷᠢᠯᠳᠦᠭᠦᠯᠦᠭᠰᠡᠨ ᠪᠢᠯᠡ᠃ | ᠬᠠᠪᠴᠢᠯ ᠤᠨ ᠬᠤᠶᠠᠷ ᠲᠠᠯ᠎ᠠ ᠪᠠᠷ ᠠᠰᠬ᠎ᠠ ᠬᠠᠲᠠ ᠰᠦᠨᠳᠡᠷᠯᠡᠵᠦ᠂ ᠠᠭᠤᠯᠠ ᠬᠠᠶᠢᠷᠬᠠᠨ | ᠦᠷᠭᠦᠯᠵᠢᠯᠡᠨ ᠵᠠᠯᠭᠠᠯᠳᠤᠨ᠎ᠠ᠃ ᠠᠭᠤᠯᠠᠨ ᠣᠷᠭᠢᠯ ᠪᠠ ᠬᠠᠯᠢᠯ ᠬᠠᠳᠠ ᠲᠠᠮᠵᠢᠨ ᠮᠤᠷᠤᠯᠵᠠᠨ ᠰᠤᠨᠤᠯᠵᠠᠭᠰᠠᠨ ᠮᠢᠩ | ᠤᠯᠤᠰ ᠤᠨ ᠣᠷᠳᠣ ᠴᠠᠭᠠᠨ ᠬᠡᠷᠡᠮ ᠠᠯᠤᠰ ᠢ ᠵᠣᠷᠢᠨ ᠠᠤᠭ᠎ᠠ ᠰᠦᠷ ᠢᠶᠠᠨ ᠭᠠᠶᠢᠬᠠᠭᠤᠯᠵᠤ᠂ ᠪᠤᠭᠤᠷᠤᠯ ᠲᠡᠦᠬᠡ | ᠶᠢᠨ ᠣᠨ ᠴᠠᠭ ᠢ ᠠᠴᠢᠶᠠᠯᠠᠭᠰᠠᠭᠠᠷ ᠬᠡᠪᠲᠡᠭᠡ ᠦᠬᠡᠷ ᠤᠨ ᠲᠣᠬᠤᠢ ᠶᠢᠨ ᠶᠡᠭᠡ ᠬᠠᠪᠴᠢᠯ ᠳᠤ ᠬᠠᠲᠣᠨ ᠭᠤᠣᠯ ᠲᠠᠢ | ᠵᠤᠯᠭᠠᠯᠴᠠᠳᠠᠭ᠃ | ᠰᠣᠶᠣᠯ ᠤᠨ ᠰᠤᠳᠠᠰᠤ ᠶᠢ ᠨᠡᠶᠢᠯᠡᠭᠦᠯᠵᠦ ᠡᠷᠲᠡᠨ ᠡᠳᠦᠭᠡᠬᠢ ᠶᠢ ᠨᠡᠪᠲᠡᠷᠡᠭᠦᠯᠦᠨ᠎ᠡ | ᠮᠢᠩᠭᠠᠨ ᠭᠠᠯᠪᠠ ᠲᠠᠲᠠᠭᠤᠷᠠᠰᠢ ᠦᠭᠡᠢ ᠳᠣᠯᠭᠢᠶᠠᠯᠠᠭᠰᠠᠨ ᠮᠥᠷᠡᠨ ᠭᠤᠣᠯ ᠪᠣᠯ ᠬᠥᠮᠥᠨ | ᠲᠥᠷᠥᠯᠬᠢᠲᠡᠨ ᠤ ᠭᠡᠷᠡᠯ ᠰᠠᠴᠤᠷᠠᠩᠭᠤᠢ ᠰᠣᠶᠣᠯ ᠪᠣᠯᠪᠠᠰᠤᠨ ᠤ ᠬᠠᠯᠠᠭᠤᠨ ᠬᠥᠷᠥᠰᠥ ᠲᠣᠷᠭᠠᠨ ᠥᠯᠥᠭᠡᠢ ᠶᠤᠮᠰᠠᠨ᠃ | ᠪᠤᠭᠤᠷᠤᠯ ᠲᠡᠦᠬᠡ ᠶᠢᠨ ᠨᠢᠭᠡᠨ ᠬᠠᠭᠤᠳᠠᠰᠤ ᠪᠣᠯᠤᠭᠰᠠᠨ ᠤ ᠬᠤᠪᠢ ᠳᠤ᠂ ᠪᠠᠷᠠᠭᠤᠨ ᠲᠠᠯ᠎ᠠ ᠪᠠᠷ ᠢᠶᠠᠨ ᠬᠠᠳᠤᠨ | ᠭᠤᠣᠯ ᠲᠠᠢ ᠬᠥᠷᠰᠢᠯᠡᠵᠦ ᠪᠠᠶᠢᠭ᠎ᠠ ᠴᠢᠩ ᠱᠦᠢ ᠾᠧ ᠬᠥᠮᠥᠨ ᠲᠥᠷᠥᠯᠬᠢᠲᠡᠨ ᠤ ᠠᠵᠢᠯᠯᠠᠭ᠎ᠠ ᠶᠢᠨ ᠤᠯᠠ ᠮᠥᠷ ᠢ | ᠵᠢᠷᠭᠤᠭᠠᠨ ᠮᠢᠩᠭ᠎ᠠ ᠭᠠᠷᠤᠢ ᠵᠢᠯ ᠤᠨ ᠡᠮᠦᠨᠡᠬᠢ ᠶᠠᠩ ᠱᠤᠤ ᠶᠢᠨ ᠰᠣᠶᠣᠯ ᠭᠦᠷᠲᠡᠯ᠎ᠡ ᠥᠭᠰᠥᠭᠦᠯᠦᠨ ᠮᠥᠷᠳᠡᠵᠦ | ᠪᠣᠯᠣᠨ᠎ᠠ᠃ | ᠥᠪ ᠰᠣᠶᠣᠯ ᠤᠨ ᠠᠮᠢᠨ ᠰᠤᠳᠠᠰᠤ ᠥᠨᠢ ᠡᠷᠲᠡᠨ ᠠᠴᠠ ᠡᠳᠦᠭᠡ ᠪᠤᠯᠲᠠᠯ᠎ᠠ ᠯᠤᠭᠰᠢᠨ | ᠴᠣᠬᠢᠯᠠᠭᠰᠠᠭᠠᠷ᠃ | - 2023 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ | ᠶᠢᠨ ᠰᠢᠯᠭᠠᠷᠠᠭᠤᠯᠤᠯᠲᠠ ᠳᠤ᠂ ᠴᠢᠩ ᠱᠦᠢ ᠾᠧ ᠰᠢᠶᠠᠨ ᠤ ᠾᠧᠦ ᠴᠧᠩ ᠽᠦᠢ ᠶᠢᠨ ᠰᠢᠨ᠎ᠡ ᠴᠢᠯᠠᠭᠤᠨ ᠵᠡᠪᠰᠡᠭ | ᠤᠨ ᠦᠶ᠎ᠡ ᠶᠢᠨ ᠴᠢᠯᠠᠭᠤᠨ ᠬᠤᠳᠠ ᠶᠢᠨ ᠪᠠᠭᠤᠷᠢ ᠪᠠᠭᠲᠠᠵᠠᠢ᠃ ᠡᠨᠡ ᠬᠦ ᠪᠠᠭᠤᠷᠢ ᠶᠢᠨ ᠲᠠᠯᠠᠪᠠᠶ ᠨᠢ ᠪᠠᠷᠤᠭ 138 | ᠲᠦᠮᠡᠨ ᠲᠡᠭᠰᠢ ᠳᠥᠷᠪᠡᠯᠵᠢᠨ ᠮᠧᠲᠷ᠂ ᠣᠲᠣ ᠠᠴᠠ 4500 - 4200 ᠵᠢᠯ ᠤᠨ ᠡᠮᠦᠨᠡᠬᠢ ᠪᠠᠭᠤᠷᠢ ᠪᠤᠯᠬᠤ | ᠪᠥᠭᠡᠳ ᠣᠳᠣᠬᠠᠨ ᠤ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠭᠠᠵᠠᠷ ᠣᠷᠣᠨ ᠳᠠᠬᠢ ᠵᠡᠷᠭᠡ ᠲᠠᠰ | ᠢᠶᠠᠷ ᠬᠠᠮᠤᠭ ᠤᠨ ᠥᠨᠳᠥᠷ᠂ ᠬᠦᠷᠢᠶ᠎ᠡ ᠬᠡᠪᠴᠢᠶ᠎ᠡ ᠪᠠᠷ ᠬᠠᠮᠤᠭ ᠤᠨ ᠶᠡᠭᠡ ᠯᠥᠩ ᠱᠠᠨ ᠤ ᠦᠶ᠎ᠡ ᠶᠢᠨ ᠴᠢᠯᠠᠭᠤᠨ | ᠬᠤᠲᠠ ᠪᠤᠯᠬᠤ ᠶᠤᠮ᠃ | - ᠰᠢ ᠴᠠ ᠶᠢᠨ ᠪᠠᠭᠤᠷᠢ ᠪᠣᠯ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤ ᠠᠴᠠ 50 | ᠺᠢᠯᠣᠮᠧᠲᠷ ᠵᠠᠶᠢᠲᠠᠢ ᠪᠠᠶᠢᠷᠢᠯᠠᠵᠤ᠂ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠲᠠᠬᠢ ᠱᠠᠩ ᠤᠯᠤᠰ ᠵᠧᠦ | ᠤᠯᠤᠰ ᠤᠨ ᠦᠶ᠎ᠡ ᠶᠢᠨ ᠬᠦᠷᠡᠯ ᠵᠡᠪᠰᠡᠭ ᠤᠨ ᠰᠣᠶᠣᠯ ᠤᠨ ᠬᠠᠭᠤᠴᠢ ᠮᠠᠯᠲᠠᠯᠠᠭᠠ ᠶᠢᠨ ᠬᠤᠭᠤᠰᠤᠨ ᠢ | ᠨᠥᠬᠦᠪᠦᠷᠢᠯᠡᠭᠰᠡᠨ ᠪᠠᠶᠢᠨ᠎ᠠ᠃ 2004 ᠣᠨ ᠪᠤᠯᠲᠠᠯ᠎ᠠ᠂ ᠰᠢ ᠴᠠ ᠶᠢᠨ ᠪᠠᠭᠤᠷᠢ ᠶᠢ ᠤᠷᠢᠳ ᠬᠤᠵᠢᠳ 5 | ᠤᠳᠠᠭ᠎ᠠ ᠠᠭᠤᠳᠠᠯᠤᠨ ᠮᠠᠯᠲᠠᠵᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ | ᠭᠤᠣᠯᠳᠠᠯᠭ᠎ᠠ ᠲᠠᠢ ᠡᠷᠳᠡᠮ ᠰᠢᠨᠵᠢᠯᠡᠭᠡᠨ ᠤ ᠰᠤᠳᠤᠯᠤᠯ ᠤᠨ ᠲᠦᠷᠦᠯ ᠵᠦᠢᠯ ᠳᠤ ᠬᠠᠮᠤᠷᠤᠨ ᠪᠠᠭᠲᠠᠭᠠᠪᠠ᠃ | - ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠠᠴᠠ ᠬᠤᠶᠢᠰᠢ᠂ ᠴᠢᠩ ᠱᠦᠢ ᠾᠧ ᠣᠷᠣᠨ | ᠠᠭᠠᠵᠢᠮ ᠢᠶᠠᠷ ᠨᠡᠭᠦᠳᠡᠯᠯᠡᠨ ᠮᠠᠯᠵᠢᠬᠤ ᠠᠴᠠ ᠲᠠᠷᠢᠶᠠᠯᠠᠬᠤ ᠲᠡᠶᠢᠰᠢ ᠰᠢᠯᠵᠢᠵᠦ᠂ ᠲᠠᠯ᠎ᠠ ᠨᠤᠲᠤᠭ ᠤᠨ ᠰᠣᠶᠣᠯ | ᠬᠢᠭᠡᠳ ᠲᠠᠷᠢᠶᠠᠯᠠᠬᠤ ᠰᠣᠶᠣᠯ ᠡ᠊ᠨᠳᠡ ᠥᠩᠭᠡ ᠪᠤᠯᠢᠶᠠᠯᠳᠤᠨ ᠦᠵᠡᠮᠵᠢ ᠪᠦᠷᠢᠳᠴᠦ᠂ ᠦᠶ᠎ᠡ ᠦᠶ᠎ᠡ ᠶᠢᠨ ᠵᠧᠦ᠂ ᠹᠦ᠋ | ᠂ ᠵᠢᠶᠦ᠋ᠨ᠂ ᠰᠢᠶᠠᠨ᠂ ᠪᠠᠯᠭᠠᠰᠤ ᠶᠢᠨ ᠳᠠᠭᠤᠳᠠᠯᠭ᠎ᠠ ᠨᠡᠷᠡᠶᠢᠳᠦᠯ ᠢ ᠪᠦᠷ ᠲᠣᠳᠣᠷᠬᠠᠢ ᠲᠡᠮᠳᠡᠭᠯᠡᠵᠡᠢ᠃ | - ᠲᠠᠷᠢᠶ᠎ᠠ ᠶᠢᠨ ᠤᠩᠭᠤᠨ ᠨᠢ ᠲᠠᠪᠤᠨ ᠲᠦᠷᠦ ᠶᠢᠨ ᠦᠶ᠎ᠡ ᠶᠢᠨ ᠥᠪᠥᠷ ᠮᠣᠩᠭᠤᠯ ᠤᠨ ᠬᠠᠳᠤᠨ | ᠭᠤᠣᠯ ᠤᠨ ᠡᠷᠭᠢ ᠳᠠᠭᠠᠤ ᠶᠢᠨ ᠦᠨᠳᠦᠰᠦᠲᠡᠨ ᠨᠦᠭᠦᠳ ᠤᠨ ᠬᠤᠯᠢᠯᠳᠤᠨ ᠰᠠᠭᠤᠷᠢᠰᠢᠵᠤ ᠠᠵᠤ ᠲᠦᠷᠦᠨ | ᠣᠷᠣᠰᠢᠵᠤ ᠪᠠᠶᠢᠭᠰᠠᠨ ᠨᠡᠶᠢᠭᠡᠮ ᠠᠮᠢᠳᠤᠷᠠᠯ ᠤᠨ ᠳᠦᠷᠰᠦ ᠪᠠᠶᠢᠳᠠᠯ ᠢ ᠰᠢᠭᠤᠳ ᠢᠯᠡᠷᠡᠭᠦᠯᠵᠦ᠂ ᠲᠠᠷᠢᠶᠠᠯᠠᠬᠤ | ᠰᠣᠶᠣᠯ ᠪᠣᠯᠣᠨ ᠠᠩᠨᠠᠯ ᠤᠨ ᠰᠣᠶᠣᠯ ᠤᠨ ᠠᠭᠤᠰᠤᠯᠴᠠᠨ ᠬᠥᠭᠵᠢᠭᠰᠡᠨ ᠢ ᠭᠡᠷᠡᠴᠢᠯᠡᠭᠰᠡᠨ ᠪᠠᠶᠢᠨ᠎ᠠ᠃ | - ᠯᠢᠶᠣᠤ ᠤᠯᠤᠰ ᠰᠦᠩ ᠤᠯᠤᠰ ᠠᠯᠲᠠᠨ ᠤᠯᠤᠰ ᠶᠤᠸᠠᠨ ᠤᠯᠤᠰ ᠤᠨ ᠦᠶ᠎ᠡ ᠳᠤ᠂ ᠴᠢᠩ ᠱᠦᠢ | ᠾᠧ ᠣᠷᠣᠨ ᠳᠤ ᠣᠯᠠᠨ ᠦᠨᠳᠦᠰᠦᠲᠡᠨ ᠠᠷᠠᠯᠵᠢᠶ᠎ᠠ ᠰᠣᠯᠢᠯᠴᠠᠭ᠎ᠠ ᠬᠢᠵᠦ᠂ ᠡᠯᠪᠡᠭ ᠪᠠᠶᠠᠯᠢᠭ ᠰᠣᠶᠣᠯ ᠤᠨ ᠥᠪ ᠢ | ᠦᠯᠡᠳᠡᠭᠡᠵᠡᠢ᠃ ᠤᠯᠤᠰ ᠤᠨ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ ᠢᠶᠠᠷ ᠲᠡᠮᠳᠡᠭᠯᠡᠭᠦᠯᠦᠭᠰᠡᠨ᠂ | ᠴᠢᠩ ᠱᠦᠢ ᠾᠧ ᠮᠦᠽᠧᠢ ᠶᠢᠨ ᠲᠡᠷᠢᠭᠦᠨ ᠡᠷᠳᠡᠨᠢ ᠬᠡᠮᠡᠭᠳᠡᠭᠰᠡᠨ ᠶᠤᠸᠠᠨ ᠤᠯᠤᠰ ᠤᠨ ᠦᠶ᠎ᠡ ᠶᠢᠨ ᠲᠦᠮᠡᠲᠦ ᠶᠢᠨ | ᠨᠣᠶᠠᠨ ᠤ ᠣᠷᠳᠣᠨ ᠤ ᠬᠦᠷᠡᠯ ᠲᠠᠮᠠᠭ᠎ᠠ ᠨᠢ ᠡᠨᠡ ᠬᠡᠰᠡᠭ ᠲᠡᠦᠬᠡ ᠶᠢ ᠰᠤᠳᠤᠯᠬᠤ ᠳᠤ ᠬᠤᠪᠣᠷ ᠨᠠᠨᠳᠢᠨ ᠲᠡᠦᠬᠡᠨ | ᠮᠠᠲ᠋ᠧᠷᠢᠶᠠᠯ ᠬᠠᠩᠭᠠᠵᠠᠢ᠃ | 2022 ᠣᠨ ᠤ 10 ᠰᠠᠷ᠎ᠠ ᠳᠤ᠂ ᠴᠢᠩ ᠱᠦᠢ ᠾᠧ ᠮᠦᠽᠧᠢ ᠪᠠᠶᠢᠭᠤᠯᠤᠭᠳᠠᠪᠠ᠃ ᠮᠦᠽᠧᠢ | ᠳᠤ ᠬᠠᠲᠠᠭᠠᠯᠠᠭᠠᠰᠣᠲᠠᠢ ᠭᠠᠵᠠᠷ ᠰᠢᠨᠵᠢᠯᠡᠭᠡᠨ ᠤ ᠦᠯᠡᠳᠡᠭᠳᠡᠯ᠂ ᠲᠡᠦᠬᠡ ᠶᠢᠨ ᠦᠵᠡᠭᠦᠯᠭᠡ᠂ ᠠᠷᠠᠳ ᠤᠨ ᠵᠠᠩ | ᠦᠢᠯᠡ᠂ ᠬᠥᠭᠵᠢᠯᠲᠡ ᠬᠤᠪᠢᠷᠠᠯᠲᠠ ᠶᠢᠨ ᠡᠪᠬᠡᠮᠡᠯ ᠵᠢᠷᠤᠭ ᠪᠣᠯᠣᠨ ᠡᠳ᠋ ᠥᠯᠥᠭ ᠤᠨ ᠦᠵᠡᠭᠦᠯᠭᠡ ᠨᠢ ᠴᠢᠩ ᠱᠦᠢ | ᠾᠧ ᠶᠢᠨ ᠥᠨᠢ ᠤᠳᠠᠭᠠᠨ ᠦᠯᠢᠭᠡᠷ ᠲᠣᠮᠤᠬ ᠢ ᠬᠦᠦᠷᠨᠢᠨ ᠰᠢᠪᠡᠨᠡᠭᠰᠡᠭᠡᠷ᠃ | ︽ᠴᠢᠩ ᠤᠯᠤᠰ ᠤᠨ ᠦᠶ᠎ᠡ ᠳᠤ ᠴᠢᠩ ᠱᠦᠢ ᠾᠧ ᠶᠢᠨ ᠬᠠᠲᠤᠨ ᠭᠤᠣᠯ ᠤᠨ ᠬᠡᠰᠡᠭ ᠤᠨ ᠤᠰᠤᠨ | ᠲᠡᠭᠡᠭᠡᠪᠦᠷᠢ ᠬᠠᠮᠤᠭ ᠠᠴᠠ ᠬᠥᠭᠵᠢᠶᠡᠨᠲᠡᠢ᠂ ᠬᠠᠷᠢᠶ᠎ᠠ ᠬᠢᠯᠢ ᠳᠣᠲᠣᠷ᠎ᠠ ᠨᠢ ᠡᠷᠲᠡᠨ ᠤ ᠣᠯᠣᠮ 14 ᠪᠠᠶᠢᠵᠤ᠂ | ᠪᠠᠷᠠᠭᠤᠨ ᠬᠤᠶᠢᠲᠤ ᠶᠢᠨ ᠠᠷᠠᠰᠤ ᠨᠣᠣᠰᠣ᠂ ᠡᠮ ᠤᠨ ᠮᠠᠲ᠋ᠧᠷᠢᠶᠠᠯ᠂ ᠵᠦᠩᠶᠤᠸᠠᠨ ᠣᠷᠣᠨ ᠤ ᠱᠠᠭᠠᠵᠠᠩ ᠰᠠᠪᠠ᠂ | ᠴᠠᠢ ᠵᠡᠷᠭᠡ ᠨᠢ ᠴᠥᠮ ᠡᠭᠦᠪᠡᠷ ᠳᠠᠮᠵᠢᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠭᠰᠠᠨ︾ ᠭᠡᠵᠦ ᠴᠢᠩ ᠱᠦᠢ | ᠾᠧ ᠮᠦᠽᠧᠢ ᠶᠢᠨ ᠳᠠᠷᠤᠭ᠎ᠠ ᠯᠢᠶᠠᠩ ᠸᠧᠨ ᠭᠤᠸᠠᠩ ᠬᠡᠯᠡᠨ᠎ᠡ᠃ | ᠪᠤᠭᠤᠷᠤᠯ ᠤᠨ ᠪᠤᠮᠠᠨ ᠦᠶ᠎ᠡ ᠠᠴᠠ ᠬᠠᠷᠭᠢᠶᠠᠲᠤᠨ ᠤᠷᠤᠰᠤᠭᠰᠠᠨ ᠬᠠᠳᠤᠨ ᠭᠤᠣᠯ ᠬᠡᠪᠲᠡᠭᠡ ᠦᠬᠡᠷ | ᠤᠨ ᠲᠣᠬᠤᠢ ᠭᠡᠬᠦ ᠡᠨᠡ ᠬᠦ ᠬᠡᠷᠡᠯᠳᠦ ᠰᠤᠪᠤᠳ ᠢ ᠱᠤᠭᠤᠵᠠᠢ᠃ | ᠮᠢᠩ ᠤᠯᠤᠰ ᠤᠨ ᠴᠧᠩ ᠬᠤᠸᠠ ᠶᠢᠨ ᠭᠤᠷᠪᠠᠳᠤᠭᠠᠷ ᠣᠨ ︵ 1467 ᠣᠨ︶ ᠳᠤ ᠬᠡᠪᠲᠡᠭᠡ | ᠦᠬᠡᠷ ᠤᠨ ᠲᠣᠬᠤᠢ ᠶᠢᠨ ᠡᠷᠲᠡᠨ ᠤ ᠴᠠᠶᠢᠵᠠ ᠶᠢ ᠪᠠᠶᠢᠭᠤᠯᠪᠠ᠃ ︽ᠱᠠᠨ ᠰᠢ ᠶᠢᠨ ᠨᠡᠪᠲᠡᠷᠬᠡᠢ ᠲᠡᠮᠳᠡᠭᠯᠡᠯ︾ ᠳᠤ | ᠲᠡᠮᠳᠡᠭᠯᠡᠭᠰᠡᠨ ᠢ ᠦᠨᠳᠦᠰᠦᠯᠡᠪᠡᠯ᠄ ︽ᠬᠡᠪᠲᠡᠭᠡ ᠦᠬᠡᠷ ᠤᠨ ᠲᠣᠬᠤᠢ ᠫᠢᠶᠠᠨ ᠭᠤᠸᠠᠨ ᠰᠢᠶᠠᠨ ᠠᠴᠠ ᠬᠤᠶᠢᠰᠢ | ᠵᠢᠷᠠᠨ ᠭᠠᠵᠠᠷ ᠤᠨ ᠵᠠᠶᠢᠲᠠᠢ ᠪᠤᠢ᠃ ᠤᠷᠳᠤ ᠴᠠᠭᠠᠨ ᠬᠡᠷᠡᠮ ᠭᠤᠣᠯ ᠤᠨ ᠭᠦᠪᠡᠭᠡ ᠲᠠᠭᠠᠵᠦ ᠤᠮᠠᠷᠠᠰᠢᠯᠠᠵᠤ ᠭᠤᠸᠠᠨ | ᠾᠧ ᠺᠧᠦ ᠭᠦᠷᠦᠭᠡᠳ ᠰᠢᠶᠠᠨ ᠤ ᠬᠢᠯᠢ ᠳᠤ ᠣᠷᠣᠵᠤ᠂ ᠬᠡᠪᠲᠡᠭᠡ ᠦᠬᠡᠷ ᠤᠨ ᠲᠣᠬᠤᠢ ᠬᠦᠷᠴᠦ ᠵᠡᠭᠦᠨᠰᠢ | ᠮᠤᠷᠤᠶᠢᠳᠠᠭ᠃ ᠴᠠᠶᠢᠵᠠ ᠨᠢ ᠤᠷᠳᠦ ᠴᠠᠭᠠᠨ ᠬᠡᠷᠡᠮ ᠤᠨ ᠡᠮᠦᠨ᠎ᠡ ᠪᠠᠶᠢᠷᠢᠯᠠᠵᠤ᠂ ᠫᠢᠶᠠᠨ ᠭᠤᠸᠠᠨ ᠤ ᠬᠤᠸᠠᠷᠠᠨ ᠳᠤ | ᠬᠠᠷᠢᠶᠠᠯᠠᠭᠳᠠᠮᠤᠢ︾ ᠭᠡᠵᠡᠢ᠃ | ᠬᠡᠪᠲᠡᠭᠡ ᠦᠬᠡᠷ ᠤᠨ ᠲᠣᠬᠤᠢ ᠶᠢᠨ ᠭᠤᠷᠪᠠᠨ ᠲᠠᠯ᠎ᠠ ᠪᠠᠷ ᠪᠦᠷ ᠤᠰᠤ ᠬᠦᠷᠢᠶᠡᠯᠡᠵᠦ᠂ ᠥᠨᠳᠥᠷ | ᠳᠡᠨᠵᠢ ᠭᠠᠵᠠᠷ ᠤᠨ ᠪᠠᠶᠢᠴᠠ ᠨᠢ ᠡᠭᠡᠭᠡ ᠯᠠ ︽ᠦᠬᠡᠷ ᠤᠨ ᠲᠣᠯᠣᠭᠠᠢ︾ ᠰᠢᠭ᠋ ᠬᠠᠷᠠᠭᠳᠠᠨ᠂ ᠬᠠᠲᠤᠨ ᠭᠤᠣᠯ ᠳᠤ | ᠲᠦᠷᠢᠨ ᠣᠷᠣᠵᠤ᠂ ᠡᠮᠦᠨ᠎ᠡ ᠲᠠᠯ᠎ᠠ ᠪᠠᠷ ᠢᠶᠠᠨ ᠴᠢᠩ ᠱᠢ ᠯᠢᠶᠠᠩ ᠲᠠᠢ ᠮᠤᠷᠤᠯᠵᠠᠨ ᠵᠠᠯᠭᠠᠯᠳᠤᠵᠤ ᠪᠠᠶᠢᠳᠠᠭ᠃ | ᠬᠡᠪᠲᠡᠭᠡ ᠦᠬᠡᠷ ᠤᠨ ᠲᠣᠬᠤᠢ ᠴᠠᠶᠢᠵᠠ ᠶᠢᠨ ᠬᠤᠶᠢᠲᠤ ᠬᠡᠰᠡᠭ ᠲᠤ ᠸᠠᠩ ᠾᠧ ᠯᠧᠦ ᠠᠰᠠᠷ᠂ | ᠴᠣᠨᠵᠢ ᠵᠡᠷᠭᠡ ᠴᠡᠷᠢᠭ ᠤᠨ ᠶᠠᠪᠤᠳᠠᠯ ᠤᠨ ᠲᠥᠬᠦᠭᠡᠷᠦᠮᠵᠢ ᠳᠤ ᠲᠦᠰᠢᠭᠯᠡᠨ᠂ ᠤᠷᠳᠤ ᠴᠠᠭᠠᠨ ᠬᠡᠷᠡᠮ ᠤᠨ ᠬᠠᠵᠠᠭᠤ | ᠶᠢᠨ ᠬᠡᠷᠡᠮ ᠤᠨ ᠰᠡᠷᠭᠡᠶᠢᠯᠡᠯᠲᠡ ᠶᠢᠨ ᠴᠢᠳᠠᠮᠵᠢ ᠲᠠᠢ ᠳᠠᠭᠤ ᠬᠤᠭᠤᠯᠠᠢ ᠠᠪᠤᠯᠴᠠᠨ᠂ ᠪᠠᠬᠢᠯᠡᠯᠲᠡ᠂ ᠬᠡᠷᠡᠮ᠂ ᠲᠠᠶᠢᠵᠠ | ᠂ ᠤᠰᠤ ᠶᠢ ᠬᠠᠷᠢᠯᠴᠠᠨ ᠤᠶᠠᠯᠳᠤᠭᠤᠯᠤᠭᠰᠠᠨ ᠥᠪᠡᠷᠮᠢᠴᠡ ᠪᠦᠲᠦᠴᠡ ᠶᠢ ᠪᠦᠷᠢᠯᠳᠦᠭᠦᠯᠵᠦ᠂ ᠬᠥᠮᠥᠨ ᠤ ᠬᠦᠴᠦ | ᠪᠠᠷ ᠵᠣᠬᠢᠶᠠᠭᠰᠠᠨ ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠱᠤᠭᠤᠮ ᠪᠠ ᠶᠡᠭᠡ ᠪᠠᠶᠢᠭᠠᠯᠢ ᠶᠢᠨ ᠪᠡᠷᠬᠡ | ᠪᠠᠷᠲᠠᠭ᠎ᠠ ᠶᠢ ᠨᠢᠭᠡᠳᠬᠡᠨ ᠤᠶᠠᠯᠳᠤᠭᠤᠯᠤᠭᠰᠠᠨ ᠪᠠᠶᠢᠨ᠎ᠠ᠃ | ᠮᠤᠷᠤᠯᠵᠠᠨ ᠰᠤᠨᠤᠯᠵᠠᠭᠰᠠᠨ ᠤᠷᠲᠤ ᠴᠠᠭᠠᠨ ᠬᠡᠷᠡᠮ᠂ ᠡᠭᠴᠡ ᠠᠰᠬ᠎ᠠ ᠣᠷᠭᠢᠯ ᠳᠠᠪᠠᠭ᠎ᠠ ᠨᠢ | ᠳᠤᠮᠳᠠᠳᠤ ᠶᠢᠨ ᠦᠨᠳᠦᠰᠦᠲᠡᠨ ᠤ ᠨᠤᠭᠤᠷᠠᠰᠢ ᠦᠭᠡᠢ ᠬᠠᠲᠠᠨ ᠵᠣᠷᠢᠭ ᠢ ᠬᠠᠷᠠᠭᠤᠯᠤᠨ᠎ᠠ᠃ | ᠰᠢᠶᠣᠣ ᠶᠤᠸᠠᠨ ᠮᠣᠣ ᠶᠢᠨ ᠬᠡᠰᠡᠭ ᠤᠨ ᠣᠷᠳᠣ ᠴᠠᠭᠠᠨ ᠬᠡᠷᠡᠮ ᠤᠨ ᠲᠠᠶᠢᠵᠠᠨ ᠳᠡᠭᠡᠷ᠎ᠡ ᠵᠣᠭᠰᠣᠵᠤ᠂ | ᠪᠠᠷᠠᠭᠤᠨᠰᠢ ᠬᠡᠪᠲᠡᠭᠡ ᠦᠬᠡᠷ ᠤᠨ ᠲᠣᠬᠤᠢ ᠶᠢ ᠪᠠᠷᠠᠯᠠᠬᠤ ᠳᠤ ᠥᠩᠭᠡ ᠦᠵᠡᠮᠵᠢ ᠡᠲᠡᠭᠡᠳ ᠭᠤᠶᠣ; ᠵᠡᠭᠦᠨᠰᠢ ᠪᠠᠨ | ᠶᠠ ᠵᠢᠶᠣᠣ ᠱᠠᠨ ᠠᠭᠤᠯᠠ ᠶᠢ ᠪᠠᠷᠠᠯᠠᠬᠤᠶ᠎ᠠ ᠶᠡᠨᠳᠡᠷ᠂ ᠴᠠᠶᠢᠵᠠ᠂ ᠪᠠᠬᠢᠯᠡᠯᠲᠡ ᠰᠠᠯᠬᠢᠨ ᠤ ᠠᠶ᠎ᠠ ᠪᠠᠷ ᠰᠦᠨᠳᠡᠷᠯᠡᠨ | ᠬᠠᠷᠠᠭᠳᠠᠵᠤ᠂ ᠥᠩᠭᠡᠷᠡᠭᠰᠡᠨ ᠲᠡᠦᠬᠡ ᠶᠢᠨ ᠰᠠᠯᠬᠢ ᠪᠣᠷᠣᠭᠠᠨ ᠡᠭᠦᠯᠡᠨ ᠤ ᠴᠠᠭᠠᠨ᠎ᠠ ᠠᠴᠠ ᠪᠦᠷᠦᠯᠵᠡᠨ ᠬᠠᠷᠠᠭᠳᠠᠬᠤ | ᠮᠡᠲᠦ᠃ | ᠴᠢᠩ ᠱᠦᠢ ᠾᠧ ᠰᠢᠶᠠᠨ ᠤ ᠬᠠᠷᠢᠶᠠᠨ ᠳᠠᠬᠢ ᠮᠢᠩ ᠤᠯᠤᠰ ᠤᠨ ᠦᠶ᠎ᠡ ᠶᠢᠨ ᠣᠷᠳᠣ ᠴᠠᠭᠠᠨ | ᠬᠡᠷᠡᠮ 155 ᠺᠢᠯᠣᠮᠧᠲᠷ ᠣᠷᠲᠣ ᠪᠠᠶᠢᠵᠤ᠂ ᠵᠠᠮ ᠳᠠᠭᠠᠤ 108 ᠳᠣᠭᠢᠶᠠᠨ ᠤ ᠰᠢᠷᠣᠢ ᠶᠢᠨ ᠳᠣᠪᠵᠢᠶ᠎ᠠ᠂ | ᠳᠠᠶᠢᠰᠤᠨ ᠤ ᠪᠠᠶᠢᠳᠠᠯ ᠢ ᠴᠠᠭᠳᠠᠬᠤ 243 ᠲᠠᠶᠢᠵᠠ᠂ 253 ᠳᠣᠪᠵᠢᠶ᠎ᠠ ᠪᠤᠢ᠃ ᠣᠳᠣᠬᠠᠨ ᠪᠤᠯᠲᠠᠯ᠎ᠠ ᠨᠡᠯᠢᠶᠡᠳ | ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠴᠠᠶᠢᠵᠠ ᠪᠠᠬᠢᠯᠡᠯᠲᠡ 5 ᠰᠠᠭᠤᠷᠢ ᠪᠤᠢ᠃ | 1989 ᠣᠨ ᠳᠤ ᠳᠤᠮᠳᠠᠳᠤ ᠤᠯᠤᠰ ᠤᠨ ᠣᠷᠳᠣ ᠴᠠᠭᠠᠨ ᠬᠡᠷᠡᠮ ᠤᠨ ᠲᠤᠰᠬᠠᠢ ᠮᠡᠷᠭᠡᠵᠢᠯᠲᠡᠨ | ᠯᠥᠸᠧ ᠵᠧ ᠸᠧᠨ ᠴᠢᠩ ᠱᠦᠢ ᠾᠧ ᠳᠤ ᠢᠷᠡᠵᠦ ᠠᠳᠡᠬᠢ ᠮᠢᠩ ᠤᠯᠤᠰ ᠤᠨ ᠣᠷᠳᠣ ᠴᠠᠭᠠᠨ ᠬᠡᠷᠡᠮ ᠤᠨ | ᠰᠦᠷᠯᠢᠭ ᠲᠥᠷᠬᠦ᠂ ᠥᠪᠡᠷᠮᠢᠴᠡ ᠦᠵᠡᠮᠵᠢ ᠪᠠ ᠤᠤᠯ ᠪᠠᠶᠢᠳᠠᠯ ᠢᠶᠠᠨ ᠬᠠᠳᠠᠭᠠᠯᠠᠵᠤ ᠪᠠᠶᠢᠭ᠎ᠠ ᠶᠢ ᠬᠠᠷᠠᠭᠠᠳ | ᠭᠠᠶᠢᠬᠠᠨ ᠪᠢᠰᠢᠷᠡᠵᠦ ︽ᠪᠡᠷᠬᠡ ᠶᠢᠨ ᠳᠠᠪᠠᠭᠠᠨ ᠤ ᠣᠷᠳᠣ ᠴᠠᠭᠠᠨ ᠬᠡᠷᠡᠮ ᠲᠠᠢ ᠮᠥᠴᠡᠭᠡᠷᠬᠡᠮᠦᠢ︾ ᠭᠡᠵᠦ ᠦᠨᠡᠯᠡᠭᠰᠡᠨ | ᠪᠠᠶᠢᠨ᠎ᠠ᠃ | 1987 ᠣᠨ ᠤ 12 ᠰᠠᠷ᠎ᠠ ᠳᠤ᠂ ᠴᠢᠩ ᠱᠦᠢ ᠾᠧ ᠳᠠᠬᠢ ᠮᠢᠩ ᠤᠯᠤᠰ ᠤᠨ ᠣᠷᠳᠣ ᠴᠠᠭᠠᠨ | ᠬᠡᠷᠡᠮ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ | ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠢ ᠶᠢᠨ ᠥᠪ ᠤᠨ ᠵᠥᠪᠯᠡᠯ ᠠᠴᠠ ᠳᠡᠯᠡᠬᠡᠢ ᠶᠢᠨ ᠰᠣᠶᠣᠯ ᠤᠨ ᠥᠪ ᠢᠶᠠᠷ | ᠨᠡᠶᠢᠲᠡᠯᠡᠪᠡ; 2001 ᠣᠨ ᠤ 6 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠪᠦᠯᠦᠭ | ᠤᠨ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠪᠠᠷ | ᠦᠨᠡᠯᠡᠭᠳᠡᠵᠦ᠂ 2020 ᠣᠨ ᠤ 11 ᠰᠠᠷ᠎ᠠ ᠳᠤ᠂ ᠪᠠᠨ ᠱᠧᠨ ᠭᠧᠦ ᠶᠢᠨ ᠬᠡᠰᠡᠭ᠂ ᠰᠢᠶᠣᠣ ᠶᠤᠸᠠᠨ ᠮᠣᠣ ᠶᠢᠨ | ᠬᠡᠰᠡᠭ ᠪᠣᠯᠣᠨ ᠬᠡᠪᠲᠡᠭᠡ ᠦᠬᠡᠷ ᠤᠨ ᠲᠣᠬᠤᠢ ᠶᠢᠨ ᠬᠡᠰᠡᠭ ᠲᠠᠬᠢ ᠮᠢᠩ ᠤᠯᠤᠰ ᠤᠨ ᠣᠷᠳᠣ ᠴᠠᠭᠠᠨ ᠬᠡᠷᠡᠮ ᠨᠢ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠲᠦᠷᠦᠭᠦᠦ ᠪᠦᠯᠦᠭ ᠤᠨ ᠤᠯᠤᠰ ᠤᠨ ᠲᠠᠰ | ᠤᠨ ᠴᠢᠬᠤᠯᠠ ᠴᠡᠭ ᠬᠡᠰᠡᠭ ᠢᠶᠠᠷ ᠦᠨᠡᠯᠡᠭᠳᠡᠪᠡ᠃ | ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠨᠡᠶᠢᠭᠡᠮᠯᠢᠭ ᠤᠨ | ᠨᠠᠷᠢᠨ ᠪᠢᠴᠢᠭ ᠤᠨ ᠳᠠᠷᠤᠭ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠲᠡᠦᠬᠡ | ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ | ᠸᠠᠩ ᠳ᠋ᠠ ᠹᠠᠩ᠄ ︽ᠬᠠᠳᠤᠨ ᠭᠤᠣᠯ ᠬᠢᠭᠡᠳ ᠤᠷᠳᠤ ᠴᠠᠭᠠᠨ ᠬᠡᠷᠡᠮ ᠪᠣᠯ ᠪᠦᠷ ᠪᠢᠳᠡᠨ ᠤ ᠳᠤᠮᠳᠠᠳᠤ ᠶᠢᠨ | ᠦᠨᠳᠦᠰᠦᠲᠡᠨ ᠤ ᠣᠶᠣᠨ ᠰᠠᠨᠠᠭᠠᠨ ᠤ ᠴᠢᠬᠤᠯᠠ ᠠᠴᠢᠶᠠᠯᠠᠪᠤᠷᠢ ᠮᠥᠨ᠃ ᠬᠠᠲᠣᠨ ᠭᠤᠣᠯ ᠪᠣᠯᠣᠨ ᠣᠷᠲᠣ ᠴᠠᠭᠠᠨ | ᠬᠡᠷᠡᠮ ᠤᠨ ᠵᠣᠯᠭᠠᠯᠴᠠᠯ ᠪᠣᠯ ᠲᠣᠮᠲᠠᠲᠣ ᠶᠢᠨ ᠦᠨᠳᠦᠰᠦᠲᠡᠨ ᠤ ᠤᠯᠠᠨ ᠵᠦᠢᠯ ᠤᠨ ᠰᠣᠶᠣᠯ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠢᠯᠡᠷᠡᠭᠦᠯᠦᠯ ᠪᠣᠯᠣᠨ᠎ᠠ᠂ ᠲᠡᠭᠦᠨ ᠤ ᠠᠭᠤᠰᠤᠯᠴᠠᠯ ᠤᠨ ᠠᠭᠤᠤ ᠶᠡᠭᠡ | ᠬᠦᠴᠦᠨ ᠨᠢ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠠᠪᠤᠴᠠ ᠶᠢ ᠭᠡᠷᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠨᠤᠭᠤᠷᠠᠰᠢ ᠦᠭᠡᠢ ᠬᠠᠲᠠᠨ ᠪᠠᠲᠤ | ᠲᠡᠮᠡᠴᠡᠯ ᠤᠨ ᠵᠣᠷᠢᠭ ᠰᠠᠨᠠᠭ᠎ᠠ ᠶᠢ ᠲᠥᠯᠥᠭᠡᠯᠡᠵᠦ ᠪᠠᠶᠢᠭ᠎ᠠ ᠶᠤᠮ︾ ᠭᠡᠵᠦ ᠬᠡᠯᠡᠵᠦ ᠪᠠᠶᠢᠯ᠎ᠠ᠃ | ᠬᠠᠲᠤᠨ ᠭᠤᠣᠯ ᠤᠨ ᠬᠥᠪᠡᠭᠡᠨ ᠳᠤ ᠥᠪ ᠰᠣᠶᠣᠯ ᠢᠶᠠᠨ ᠰᠠᠬᠢᠵᠤ ᠰᠠᠭᠤᠨ᠎ᠠ | ᠬᠠᠲᠤᠨ ᠭᠤᠣᠯ ᠤᠨ ᠬᠥᠪᠡᠭᠡᠨ ᠳᠤ᠂ 57 ᠨᠠᠰᠤᠲᠠᠢ ᠬᠤᠸ ᠵᠢᠶᠦ᠋ᠨ ᠯᠢᠶᠠᠩ ᠵᠢᠭᠠᠰᠤᠨ ᠲᠣᠣᠷ | ᠢᠶᠠᠨ ᠨᠥᠬᠦᠬᠦ ᠶᠢᠨ ᠳᠠᠭᠠᠤ᠄ ︽ᠭᠤᠣᠯ ᠭᠡᠰᠬᠦ ᠠᠶᠠᠳᠠᠵᠤ ᠪᠠᠶᠢᠨ᠎ᠠ᠂ ᠡᠷᠲᠡᠬᠡᠨ ᠨᠥᠬᠦᠵᠦ ᠲᠠᠯᠪᠢᠭᠠᠳ ᠭᠤᠣᠯ | ᠭᠡᠰᠬᠦ ᠪᠠᠷ ᠡᠪᠦᠯ ᠥᠨᠵᠢᠭᠰᠡᠨ ᠵᠢᠭᠠᠰᠤ ᠶᠢ ᠠᠩᠨᠠᠶ᠎ᠠ ᠳ᠋ᠠ᠂ ᠴᠣᠬᠤᠮ ᠪᠦᠳᠦᠭᠦᠨ ᠰᠢᠤ︕︾ ᠭᠡᠵᠦ ᠵᠣᠭᠤᠭ | ᠳᠡᠯᠭᠡᠨ᠎ᠡ᠃ ᠬᠤᠤ ᠵᠢᠶᠦ᠋ᠨ ᠯᠢᠶᠠᠩ ᠤᠨ ᠬᠢ ᠭᠡᠵᠦ ᠦᠶ᠎ᠡ ᠶᠢᠨ ᠦᠶ᠎ᠡ ᠳᠡᠭᠡᠨ ᠬᠠᠲᠤᠨ ᠭᠤᠣᠯ ᠢ ᠲᠦᠰᠢᠵᠦ | ᠠᠮᠢᠳᠤᠷᠠᠭᠰᠠᠭᠠᠷ ᠢᠷᠡᠭᠰᠡᠨ ᠶᠤᠮ᠃ | ᠬᠤᠤ ᠵᠢᠶᠦ᠋ᠨ ᠯᠢᠶᠠᠩ ᠤᠨ ᠡᠪᠦᠭᠡ ᠨᠢ ᠣᠩᠭᠤᠴᠠᠨ ᠤ ᠠᠵᠢᠯᠴᠢᠨ ᠪᠣᠯᠵᠤ ᠥᠩᠭᠡᠷᠡᠵᠡᠢ᠃ ᠵᠢᠯ | ᠪᠣᠯᠭᠠᠨ ᠬᠠᠲᠤᠨ ᠭᠤᠣᠯ ᠭᠡᠰᠬᠦ ᠪᠠᠷ ᠣᠩᠭᠤᠴᠠᠨ ᠤ ᠠᠵᠢᠯᠴᠢᠳ ᠠᠷᠭᠠᠮᠵᠢ ᠶᠢᠨ ᠳᠡᠭᠡᠰᠦ ᠪᠠᠨ ᠮᠥᠷᠥᠪᠴᠢᠯᠡᠨ | ᠡᠭᠦᠷᠴᠦ᠂ ᠬᠦᠨᠳᠦ ᠨᠦᠰᠡᠷ ᠪᠠᠷᠠᠭᠠᠨ ᠤ ᠣᠩᠭᠤᠴᠠ ᠶᠢ ᠴᠢᠷᠦᠨ ᠬᠡᠪᠲᠡᠭᠡ ᠦᠬᠡᠷ ᠤᠨ ᠲᠣᠬᠤᠢ ᠪᠠᠷ ᠤᠷᠤᠰᠬᠠᠯ | ᠥᠭᠰᠥᠨ ᠶᠠᠪᠤᠵᠤ᠂ ᠪᠠᠷᠠᠭ᠎ᠠ ᠪᠠᠨ ᠨᠢᠩᠰᠢᠶᠠ ᠶᠢᠨ ᠦ᠋ ᠵᠦᠩ ᠳᠤ ᠬᠦᠷᠭᠡᠭᠰᠡᠨ ᠬᠤᠶᠢᠨ᠎ᠠ ᠳᠠᠭᠢᠨ ᠣᠩᠭᠤᠴᠠᠨ | ᠳᠠᠭᠠᠨ ᠪᠠᠷᠠᠭ᠎ᠠ ᠲᠡᠭᠡᠭᠡᠪᠦᠷᠢᠯᠡᠨ ᠤᠷᠤᠰᠬᠠᠯ ᠲᠠᠭᠠᠨ ᠶᠠᠪᠤᠵᠤ ᠬᠡᠪᠲᠡᠭᠡ ᠦᠬᠡᠷ ᠤᠨ ᠲᠣᠬᠤᠢ ᠳᠠᠭᠠᠨ ᠪᠤᠴᠠᠳᠠᠭ᠃ | ᠢᠩᠭᠢᠵᠦ ᠨᠢᠭᠡ ᠤᠳᠠᠭ᠎ᠠ ᠵᠣᠷᠴᠢᠬᠤ ᠳᠤ ᠰᠠᠷ᠎ᠠ ᠭᠠᠷᠤᠢ ᠶᠢᠨ ᠴᠠᠭ ᠬᠡᠷᠡᠭᠰᠡᠵᠦ ᠪᠠᠶᠢᠭᠰᠠᠨ ᠭᠡᠨ᠎ᠡ᠃ | ᠬᠤᠤ ᠵᠢᠶᠦ᠋ᠨ ᠯᠢᠶᠠᠩ ᠤᠨ ᠠᠪᠤ ᠨᠢ ᠪᠠᠰᠠ ᠬᠠᠲᠤᠨ ᠭᠤᠣᠯ ᠤᠨ ᠬᠥᠪᠡᠭᠡᠨ ᠳᠤ ᠵᠢᠭᠠᠰᠤ ᠠᠩᠨᠠᠨ᠂ | ᠭᠡᠷ ᠤᠨ ᠵᠠᠷᠤᠳᠠᠯ ᠢᠶᠠᠨ ᠨᠥᠬᠦᠪᠦᠷᠢᠯᠡᠵᠦ ᠪᠠᠶᠢᠵᠠᠢ᠃ ᠡᠳᠦᠭᠡ ᠬᠤᠤ ᠵᠢᠶᠦ᠋ᠨ ᠯᠢᠶᠠᠩ ᠬᠠᠲᠤᠨ ᠭᠤᠣᠯ ᠤᠨ | ᠬᠥᠪᠡᠭᠡᠨ ᠳᠤ ᠬᠡᠳᠦᠨ ᠲᠠᠰᠤᠯᠭ᠎ᠠ ᠪᠠᠶᠢᠰᠢᠩ ᠪᠠᠷᠢᠭᠠᠳ ᠰᠠᠭᠤᠵᠤ ᠪᠠᠶᠢᠨ᠎ᠠ᠃ ︽ᠠᠯᠢ ᠣᠯᠠᠨ ᠵᠢᠭᠤᠯᠴᠢᠯᠠᠭᠴᠢ | ᠴᠥᠮ ᠰᠢᠨ᠎ᠡ ᠰᠣᠷᠭᠤᠭ ᠵᠢᠭᠠᠰᠤ ᠢᠳᠡᠶ᠎ᠡ ᠭᠡᠵᠦ ᠪᠤᠳᠣᠳᠠᠭ᠂ ᠲᠡᠭᠡᠭᠦᠯᠡᠷ ᠪᠢ ᠰᠠᠶ᠋ᠢᠬᠠᠨ ᠠᠩᠨᠠᠭᠰᠠᠨ ᠬᠠᠲᠤᠨ | ᠭᠤᠣᠯ ᠤᠨ ᠵᠢᠭᠠᠰᠤ ᠪᠠᠨ ᠴᠢᠨᠠᠴᠢᠬᠠᠪᠠᠯ ᠪᠠᠰᠠ ᠪᠠᠭ᠎ᠠ ᠦᠭᠡᠢ ᠤᠷᠤᠯᠭ᠎ᠠ ᠲᠠᠢ︾ ᠭᠡᠵᠦ ᠲᠡᠷᠡ ᠬᠡᠯᠡᠨ᠎ᠡ᠃ | ᠦᠶ᠎ᠡ ᠦᠶ᠎ᠡ ᠶᠢᠨ ᠴᠢᠩ ᠱᠦᠢ ᠾᠧ ᠰᠢᠶᠠᠨ ᠤ ᠬᠥᠮᠥᠰ ᠬᠠᠲᠤᠨ ᠭᠤᠣᠯ ᠢ ᠲᠦᠰᠢᠨ ᠠᠮᠢᠳᠤᠷᠠᠵᠤ | ᠂ ᠴᠢᠩ ᠱᠦᠢ ᠾᠧ ᠶᠢᠨ ᠬᠥᠪᠡᠭᠦᠳ ᠥᠬᠢᠳ ᠡᠨᠡ ᠬᠦ ᠡᠵᠢ ᠭᠤᠣᠯ ᠳᠠᠭᠠᠨ ᠬᠢᠵᠠᠭᠠᠯᠠᠰᠢ ᠦᠭᠡᠢ ᠬᠠᠶᠢᠷᠠᠲᠠᠢ | ᠪᠢᠯᠡ᠃ 85 ᠨᠠᠰᠤᠲᠠᠢ ᠵᠠᠩ ᠰᠢᠤᠸᠠᠨ ᠨᠠᠰᠤᠲᠠᠨ ᠪᠣᠯ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ | ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠤᠯᠬᠤ ᠴᠢᠩ ᠱᠦᠢ ᠾᠧ ᠰᠢᠶᠠᠨ ᠤ | ᠾᠧ ᠹᠠᠨ ᠭᠧᠦ ᠶᠢᠨ ᠱᠠᠭᠠᠵᠠᠩ ᠤᠷᠠᠯᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠣᠯᠣᠨ᠎ᠠ᠃ ᠨᠠᠰᠤᠲᠠᠨ | ᠬᠠᠲᠤᠨ ᠭᠤᠣᠯ ᠳᠤ ᠰᠠᠯᠤᠰᠢ ᠦᠭᠡᠢ ᠬᠠᠶᠢᠷ᠎ᠠ ᠰᠡᠳᠬᠢᠯᠭᠡ ᠲᠠᠢ ᠶᠤᠮ᠃ | ᠴᠢᠩ ᠱᠦᠢ ᠾᠧ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠰᠢᠩ | ᠶᠦᠩ ᠱᠧᠩ ᠤᠨ ᠲᠠᠨᠢᠯᠴᠠᠭᠤᠯᠤᠭᠰᠠᠨ ᠢᠶᠠᠷ᠂ ᠳᠤᠮᠳᠠᠳᠤ ᠤᠯᠤᠰ ᠤᠨ ᠼᠧᠵᠧᠤ ᠶᠢᠨ ᠱᠠᠭᠠᠵᠠᠩ ᠤᠨ ᠲᠦᠷᠦᠯ ᠳᠤ | ᠪᠠᠭᠲᠠᠬᠤ ᠴᠢᠩ ᠱᠦᠢ ᠾᠧ ᠶᠢᠨ ᠱᠠᠭᠠᠵᠠᠩ ᠤᠨ ᠦᠢᠯᠡᠳᠪᠦᠷᠢᠯᠡᠯ ᠨᠢ ᠨᠠᠭᠠᠲᠤ ᠵᠠᠬ᠎ᠠ ᠳᠠᠭᠠᠨ 800 ᠵᠢᠯ ᠤᠨ | ᠲᠡᠦᠬᠡ ᠲᠠᠢ ᠪᠣᠯᠵᠠᠢ᠃ ᠲᠡᠭᠦᠨ ᠤ ᠴᠢᠬᠤᠯᠠ ᠲᠦᠭᠦᠬᠡᠢ ᠮᠠᠲ᠋ᠧᠷᠢᠶᠠᠯ ᠨᠢ ᠳᠠᠷᠤᠢ ᠬᠡᠪᠲᠡᠭᠡ ᠦᠬᠡᠷ ᠤᠨ ᠲᠣᠬᠤᠢ | ᠶᠢᠨ ᠬᠠᠲᠤᠨ ᠭᠤᠣᠯ ᠤᠨ ᠶᠡᠭᠡ ᠬᠠᠪᠴᠢᠯ ᠠᠴᠠ ᠳᠡᠮᠡᠢ ᠬᠤᠯᠠ ᠦᠭᠡᠢ ᠶᠣᠣ ᠭᠧᠦ ᠰᠢᠶᠠᠩ ᠤᠨ ᠾᠧᠢ ᠹᠠᠨ ᠭᠧᠦ | ᠠᠴᠠ ᠢᠷᠡᠯᠲᠡ ᠲᠠᠢ ᠶᠤᠮ᠃ | ︽ᠾᠧᠢ ᠹᠠᠨ ᠭᠧᠦ ᠳᠤ ᠬᠠᠷ᠎ᠠ ᠪᠠᠶᠢᠪᠠᠩ ᠲᠠᠢ᠂ ᠪᠠᠰᠠ ᠣᠯᠠᠨ᠎ᠠ ᠠᠯᠳᠠᠷᠰᠢᠭᠰᠠᠨ ᠬᠤᠸᠠᠷᠲᠠᠢ | ᠳᠠᠪᠠᠭ ᠲᠠᠢ ᠶᠤᠮ᠃ ᠰᠣᠷᠣᠭᠤᠯ ᠪᠤᠮᠪᠠ ᠲᠤᠰᠤᠨ ᠳ᠋ᠧᠩ᠂ ᠬᠤᠸᠠᠷᠲᠠᠢ ᠠᠶᠠᠭ᠎ᠠ᠂ ᠫᠢᠯᠠ ᠲᠠᠪᠠᠭ᠂ ᠢᠰᠭᠡᠭᠰᠡᠨ | ᠪᠤᠳᠠᠭ᠎ᠠ ᠶᠢᠨ ᠪᠤᠳᠤᠩ᠂ ᠠᠷᠢᠬᠢᠨ ᠬᠤᠨᠳᠠᠭ᠎ᠠ᠂ ᠱᠠᠭᠠᠵᠠᠩ ᠲᠤᠭᠤᠰᠭ᠋᠎ᠠ᠂ ᠲᠡᠭᠡᠷᠮ᠎ᠡ ᠶᠢᠨ ᠲᠣᠰᠬᠤᠭᠤᠷ ᠁︾ | ᠭᠡᠬᠦᠴᠢᠯᠡᠨ ᠴᠢᠩ ᠱᠦᠢ ᠾᠧ ᠰᠢᠶᠠᠨ ᠢᠶᠠᠷ ᠳᠡᠯᠭᠡᠷᠡᠬᠦ ᠴᠠᠷᠭᠢᠯ ᠬᠤᠯᠪᠤᠭ᠎ᠠ ᠨᠢ ᠾᠧᠢ ᠹᠠᠨ ᠭᠧᠦ ᠳᠤ ᠸᠠᠭᠠᠷ | ᠱᠠᠭᠠᠵᠠᠩ ᠤᠨ ᠵᠦᠢᠯ ᠡᠯᠪᠡᠭ ᠭᠠᠷᠳᠠᠭ ᠪᠠᠶᠢᠭᠰᠠᠨ ᠢ ᠬᠠᠷᠠᠭᠤᠯᠤᠨ᠎ᠠ᠃ | ᠸᠠᠭᠠᠷ ᠱᠠᠭᠠᠵᠠᠩ ᠤᠨ ᠪᠦᠲᠦᠭᠡᠭᠳᠡᠬᠦᠨ ᠨᠢ ᠬᠠᠳᠤᠨ ᠭᠤᠣᠯ ᠤᠨ ᠣᠯᠣᠮ ᠢᠶᠠᠷ ᠳᠠᠮᠵᠢᠨ ᠪᠦᠭᠦ | ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠭᠳᠡᠨᠡ᠃ 20 ᠳ᠋ᠤᠭᠠᠷ ᠵᠠᠭᠤᠨ ᠤ ᠨᠠᠶᠠ ᠶᠡᠷᠡᠭᠡᠳ ᠣᠨ ᠤ ᠦᠶ᠎ᠡ ᠳᠤ | ᠂ ᠵᠠᠩ ᠰᠢᠤᠸᠠᠨ ᠭᠤᠸᠠᠢ ᠴᠢᠩ ᠱᠦᠢ ᠾᠧ ᠰᠢᠶᠠᠨ ᠤ ᠪᠠᠷᠢᠯᠭ᠎ᠠ ᠶᠢᠨ ᠸᠠᠭᠠᠷ ᠱᠠᠭᠠᠵᠠᠩ ᠤᠨ ᠦᠢᠯᠡᠳᠪᠦᠷᠢ ᠶᠢᠨ | ᠳᠠᠷᠤᠭ᠎ᠠ ᠪᠠᠶᠢᠪᠠ᠂ ᠡᠨᠡ ᠬᠤᠭᠤᠴᠠᠭᠠᠨ ᠳᠤ ᠦᠢᠯᠡᠳᠪᠦᠷᠢᠯᠡᠭᠰᠡᠨ ᠱᠠᠭᠠᠵᠠᠩ ᠲᠣᠭᠤᠰᠭ᠋᠎ᠠ ᠨᠢ ᠪᠡᠭᠡᠵᠢᠩ ᠤᠨ ︽ | ᠠᠽᠢᠶ᠎ᠠ ᠶᠢᠨ ᠲᠠᠮᠢᠷ ᠤᠨ ᠴᠤᠭᠯᠠᠭᠠᠨ ᠤ ᠲᠣᠰᠬᠤᠨ︾ ᠳᠤ ᠬᠡᠷᠡᠭᠯᠡᠭᠳᠡᠭᠰᠡᠨ ᠪᠥᠭᠡᠳ ᠶᠠᠫᠤᠨ᠂ ᠺᠤᠷᠢᠶᠠ ᠳᠤ | ᠭᠠᠷᠭᠠᠵᠤ᠂ ᠴᠢᠩ ᠱᠦᠢ ᠾᠧ ᠰᠢᠶᠠᠨ ᠳᠤ ᠪᠠᠭ᠎ᠠ ᠪᠤᠰᠤ ᠤᠷᠤᠯᠭ᠎ᠠ ᠡᠭᠦᠳᠴᠦ ᠥᠭᠭᠦᠭᠰᠡᠨ ᠪᠢᠯᠡ᠃ | ᠴᠠᠭ ᠮᠥᠴᠡ ᠥᠩᠭᠡᠷᠡᠨ ᠣᠳᠴᠤ᠂ ᠣᠨ ᠰᠠᠷ᠎ᠠ ᠤᠯᠠᠷᠢᠨ ᠬᠤᠪᠢᠷᠠᠨ᠎ᠠ᠃ ᠪᠣᠯᠣᠷ ᠲᠤᠩᠭᠠᠯᠠᠭ | ᠶᠠᠰᠤᠨ ᠱᠠᠭᠠᠵᠠᠩ᠂ ᠴᠡᠪᠡᠷ ᠲᠤᠩᠭᠠᠯᠠᠭ ᠬᠠᠰ ᠱᠠᠭᠠᠵᠠᠩ᠂ ᠥᠩᠭᠡ ᠢᠯᠭᠠᠷᠠᠭᠰᠠᠨ ᠥᠩᠭᠡᠲᠦ ᠱᠠᠭᠠᠵᠠᠩ ᠵᠢᠴᠢ | ᠨᠢᠭᠡ ᠪᠦᠯᠦᠭ ᠬᠥᠩᠭᠡᠨ ᠰᠦᠯᠢᠶᠥᠦ ᠡᠳ᠋ᠯᠡᠯ ᠨᠢ ᠾᠧᠢ ᠹᠠᠨ ᠭᠧᠦ ᠶᠢᠨ ᠦᠢᠯᠡᠳᠪᠦᠷᠢᠯᠡᠭᠰᠡᠨ ᠬᠦᠳᠡᠷ ᠵᠤᠵᠠᠭᠠᠨ᠂ | ᠪᠥᠬᠡᠯᠢᠭ ᠳᠠᠭᠠᠭᠠᠴᠠᠲᠠᠢ ᠠᠶᠠᠭ᠎ᠠ ᠫᠢᠯᠠ᠂ ᠪᠤᠳᠤᠩ᠂ ᠭᠠᠩ ᠰᠠᠪᠠ ᠶᠢ ᠣᠷᠣᠯᠠᠭᠰᠠᠨ ᠢ ᠦᠵᠡᠭᠡᠳ ᠵᠠᠩ ᠰᠢᠤᠸᠠᠨ | ᠵᠢᠭᠠᠬᠠᠨ ᠵᠣᠪᠠᠵᠠᠢ᠃ | ᠥᠲᠡᠯᠦᠭᠡ ᠨᠠᠰᠤᠨ ᠳᠠᠭᠠᠨ ᠭᠦᠷᠦᠭᠰᠡᠨ ᠵᠠᠩ ᠰᠢᠤᠸᠠᠨ ᠳᠤ ᠨᠢᠭᠡᠨ ᠬᠦᠰᠡᠯ ᠪᠤᠢ᠂ ᠲᠡᠷᠡ ᠨᠢ | ᠾᠧᠢ ᠹᠠᠨ ᠭᠧᠦ ᠶᠢᠨ ᠱᠠᠭᠠᠵᠠᠩ ᠬᠢᠬᠦ ᠤᠷ᠎ᠠ ᠮᠡᠷᠭᠡᠵᠢᠯ ᠢ ᠴᠢᠨᠠᠭᠰᠢᠳᠠ ᠤᠯᠠᠮᠵᠢᠯᠠᠨ ᠵᠠᠯᠭᠠᠮᠵᠢᠯᠠᠨ᠎ᠠ᠃ ᠨᠠᠰᠤᠲᠠᠨ | 2017 ᠣᠨ ᠳᠤ ᠬᠤᠪᠢ ᠶᠢᠨ ᠪᠣᠯᠪᠠᠰᠤᠷᠠᠯ ᠤᠨ ᠭᠠᠵᠠᠷ ᠪᠠᠶᠢᠭᠤᠯᠬᠤ ᠶᠢᠨ ᠬᠠᠮᠲᠤ 11 ᠱᠠᠪᠢ ᠠᠪᠴᠤ ᠤᠷᠳᠤ | ᠬᠤᠭᠤᠴᠠᠭ᠎ᠠ ᠪᠠᠷ ᠰᠦᠢᠳᠬᠡᠯ ᠬᠤᠷᠢᠶᠠᠬᠤ ᠦᠭᠡᠢ ᠵᠢᠭᠠᠨ ᠰᠤᠷᠭᠠᠪᠠ᠂ ︽ᠾᠧᠢ ᠹᠠᠨ ᠭᠧᠦ ᠶᠢᠨ ᠱᠠᠭᠠᠵᠠᠩ | ᠤᠷᠠᠯᠠᠯ ᠪᠣᠯ ᠴᠢᠩ ᠱᠦᠢ ᠾᠧ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠮᠥᠨ᠂ ᠪᠢ ᠲᠡᠭᠦᠨ ᠢ ᠤᠯᠠᠮᠵᠢᠯᠠᠨ | ᠪᠠᠳᠠᠷᠠᠭᠤᠯᠬᠤ ᠪᠠᠷ ᠴᠢᠷᠮᠠᠶᠢᠨ᠎ᠠ︾ ᠭᠡᠵᠦ ᠲᠡᠷᠡ ᠬᠡᠯᠡᠨ᠎ᠡ᠃ | ᠬᠥᠮᠥᠰ ᠬᠠᠲᠤᠨ ᠭᠤᠣᠯ ᠢ ᠲᠦᠰᠢᠨ ᠠᠮᠢᠳᠤᠷᠠᠨ ᠣᠷᠣᠰᠢᠵᠤ᠂ ᠬᠠᠲᠤᠨ ᠭᠤᠣᠯ ᠤᠨ ᠰᠣᠶᠣᠯ | ᠠᠬᠢᠭᠠᠳ ᠬᠥᠮᠥᠰ ᠢ ᠨᠥᠯᠥᠭᠡᠯᠡᠨ᠎ᠡ᠃ | ᠸᠠᠩ ᠳ᠋ᠡ ᠹᠠᠩ᠄ ︽ᠬᠠᠲᠤᠨ ᠭᠤᠣᠯ ᠢ ᠰᠠᠬᠢᠨ ᠬᠠᠮᠠᠭᠠᠯᠠᠬᠤ ᠪᠣᠯ ᠬᠥᠮᠥᠨ ᠪᠦᠭᠦᠨ ᠤ | ᠬᠠᠷᠢᠭᠤᠴᠠᠯᠭ᠎ᠠ ᠮᠥᠨ᠃ ᠴᠢᠩ ᠱᠦᠢ ᠾᠧ ᠶᠢᠨ ᠬᠡᠪᠲᠡᠭᠡ ᠦᠬᠡᠷ ᠤᠨ ᠲᠣᠬᠤᠢ ᠶᠢᠨ ᠣᠷᠴᠢᠮ ᠢᠶᠠᠷ ᠤᠷᠳᠤ | ᠴᠠᠭᠠᠨ ᠬᠡᠷᠡᠮ ᠪᠣᠯᠣᠨ ᠬᠠᠳᠤᠨ ᠭᠤᠣᠯ ᠭᠠᠷ ᠠᠳᠬᠤᠨ ᠵᠤᠯᠭᠠᠯᠴᠠᠬᠰᠠᠨ ᠪᠣᠯᠬᠤᠷ ᠬᠠᠮᠢᠶ᠎ᠠ ᠪᠦᠬᠦᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠬᠠᠮᠠᠭᠠᠯᠠᠬᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ᠃ ᠡᠭᠦᠨ ᠤ | ᠬᠠᠮᠲᠤ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠵᠢᠴᠢ ᠬᠤᠯᠪᠣᠭᠳᠠᠯ ᠪᠦᠬᠦᠢ ᠰᠣᠶᠣᠯ ᠤᠨ ᠥᠪ ᠢ | ᠰᠠᠶᠢᠲᠤᠷ ᠬᠠᠮᠠᠭᠠᠯᠠᠬᠤ ᠬᠡᠷᠡᠭᠲᠡᠢ᠃ ᠪᠢᠳᠡ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ | ᠡᠷᠬᠡᠪᠰᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢᠨ ᠦᠶ᠎ᠡ ᠤᠯᠠᠷᠢᠨ ᠣᠷᠣᠰᠢᠨ | ᠲᠣᠭᠲᠠᠨᠢᠬᠤ ᠦᠨᠳᠦᠰᠦ ᠰᠤᠷᠪᠤᠯᠵᠢ ᠶᠢ ᠰᠠᠶᠢᠲᠤᠷ ᠬᠠᠮᠠᠭᠠᠯᠠᠬᠤ ᠬᠡᠷᠡᠭᠲᠡᠢ︾ ᠭᠡᠵᠦ ᠤᠴᠢᠷᠯᠠᠨ᠎ᠠ᠃ | ᠰᠣᠶᠣᠯ ᠤᠨ ᠥᠪ ᠲᠤ ᠰᠢᠨ᠎ᠡ ᠭᠦᠭ ᠠᠶᠠᠰ ᠨᠡᠮᠡᠷᠢᠯᠡᠨ᠎ᠡ | ᠳᠠᠪᠠᠯᠭᠠᠯᠠᠨ ᠤᠷᠤᠰᠬᠤ ᠬᠠᠲᠤᠨ ᠭᠤᠣᠯ᠂ ᠡᠷᠲᠡᠨ ᠤ ᠤᠷᠳᠤ ᠴᠠᠭᠠᠨ ᠬᠡᠷᠡᠮ ᠨᠢ ᠴᠢᠩ ᠱᠦᠢ ᠾᠧ | ᠶᠢᠨ ᠠᠷᠠᠳ ᠲᠦᠮᠡᠨ ᠤ ᠪᠠᠭᠲᠠᠭᠠᠮᠵᠢᠲᠠᠢ᠂ ᠣᠮᠤᠭ ᠲᠡᠭᠦᠯᠳᠡᠷ᠂ ᠡᠷᠡᠰ ᠬᠠᠳᠠᠨ ᠵᠠᠩ ᠴᠢᠨᠠᠷ ᠢ ᠪᠤᠢ ᠪᠤᠯᠭᠠᠵᠤ᠂ | ᠨᠡᠭᠡᠭᠡᠯᠲᠡᠲᠤ᠂ ᠠᠭᠤᠳᠠᠮᠴᠢ᠂ ᠥᠭᠡᠳᠡᠷᠬᠡᠭ ᠪᠠᠶᠠᠰᠤᠩᠭᠤᠢ ᠰᠣᠶᠣᠯ ᠤᠨ ᠵᠠᠩ ᠴᠢᠨᠠᠷ ᠢ ᠠᠭᠤᠰᠬᠠᠨ | ᠪᠦᠷᠢᠯᠳᠦᠭᠦᠯᠵᠡᠢ᠃ | ︽ᠳᠠᠪᠠᠯᠭᠠᠯᠠᠨ ᠤᠷᠤᠰᠬᠤ ᠤᠷᠳᠤ ᠭᠤᠣᠯ ᠥᠨᠢ ᠡᠷᠲᠡᠨ ᠤ ᠲᠡᠦᠬᠡ ᠶᠢ ᠥᠭᠦᠯᠡᠵᠦ᠂ ᠰᠦᠨᠳᠡᠷᠯᠡᠨ | ᠬᠠᠷᠠᠭᠳᠠᠬᠤ ᠤᠷᠳᠤ ᠴᠠᠭᠠᠨ ᠬᠡᠷᠡᠮ ᠣᠷᠤᠭ᠎ᠠ ᠪᠤᠰᠬᠠᠭ᠎ᠠ ᠴᠠᠭ ᠦᠶ᠎ᠡ ᠶᠢ ᠬᠦᠦᠷᠨᠢᠨ᠎ᠡ ᠁︾᠃ ᠴᠢᠩ ᠱᠦᠢ | ᠾᠧ ᠰᠢᠶᠠᠨ ᠤ ᠤᠯᠠᠭᠠᠨᠮᠥ᠋ᠴᠢᠷ ᠲᠤ᠂ ᠠᠩᠭᠢ ᠶᠢᠨ ᠳᠠᠷᠤᠭ᠎ᠠ ᠺᠠᠩ ᠶᠤᠸᠠᠢ ᠯᠢᠶᠠᠨ ᠶᠠᠭ ᠠᠩᠭᠢ ᠶᠢᠨ ᠭᠡᠰᠢᠭᠦᠳ | ᠲᠠᠢ ᠪᠠᠨ ︽ᠴᠢᠩ ᠱᠦᠢ ᠾᠧ ᠦᠵᠡᠰᠬᠦᠯᠡᠩᠲᠦ ᠰᠠᠶᠢᠬᠠᠨ ᠨᠤᠲᠤᠭ ᠮᠢᠨᠢ︾ ᠭᠡᠬᠦ ᠳᠠᠭᠤᠤ ᠶᠢ ᠪᠣᠯᠪᠠᠰᠤᠷᠠᠵᠤ | ᠪᠠᠶᠢᠯ᠎ᠠ᠃ ︽ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠮᠠᠭᠲᠠᠨ ᠳᠠᠭᠤᠯᠠᠬᠤ ᠪᠣᠯ ᠮᠠᠨ ᠤ ᠵᠠᠶᠢᠯᠠᠭᠤᠯᠵᠤ | ᠪᠣᠯᠣᠰᠢ ᠦᠭᠡᠢ ᠬᠠᠷᠢᠭᠤᠴᠠᠯᠭ᠎ᠠ ᠮᠥᠨ︾ ᠭᠡᠵᠦ ᠲᠡᠷᠡ ᠬᠡᠯᠡᠨ᠎ᠡ᠃ | ᠬᠠᠪᠤᠷ ᠤᠨ ᠬᠤᠭᠤᠰ ᠤᠨ ᠦᠶᠡᠰ ᠢᠶᠠᠷ᠂ ᠴᠢᠩ ᠱᠦᠢ ᠾᠧ ᠰᠢᠶᠠᠨ ᠤ ᠬᠡᠪᠲᠡᠭᠡ ᠦᠬᠡᠷ ᠤᠨ | ᠲᠣᠬᠤᠢ ᠶᠢᠨ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠯᠢ ᠸᠧᠨ ᠴᠢᠩ ᠶᠠᠭ ᠸᠧᠨ | ᠴᠢᠩ ᠬᠥᠳᠡᠭᠡ ᠠᠶᠢᠯ ᠤᠨ ᠵᠢᠭᠤᠯᠴᠢᠯᠠᠯ ᠤᠨ ᠭᠠᠵᠠᠷ ᠢᠶᠠᠨ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ ᠪᠠᠶᠢᠪᠠ | ᠃ ᠵᠢᠭᠤᠯᠴᠢᠯᠠᠯ ᠤᠨ ᠣᠷᠣᠨ ᠤ ᠬᠢᠨ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ | ᠪᠠᠷ ᠴᠢᠷᠮᠠᠶᠢᠵᠤ ᠪᠠᠶᠢᠬᠤ ᠶᠢ ᠰᠣᠨᠣᠰᠤᠭᠠᠳ ᠯᠢ ᠸᠧᠨ ᠴᠢᠩ ᠳᠠᠭᠢᠨ 6 ᠲᠦᠮᠡ ᠭᠠᠷᠤᠢ ᠲᠥᠭᠦᠷᠢᠭ ᠤᠨ ᠪᠡᠯᠡ | ᠣᠷᠣᠭᠤᠯᠬᠤ ᠪᠠᠷ ᠰᠢᠢᠳᠴᠡᠢ᠃ ︽ᠮᠠᠨ ᠤ ᠬᠢ ᠪᠣᠯ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠦᠨᠡᠯᠡᠨ | ᠲᠣᠭᠲᠠᠭᠠᠭᠰᠠᠨ 5 ᠤᠳᠤᠨ ᠳᠡᠰ ᠤᠨ ᠬᠥᠳᠡᠭᠡ ᠠᠶᠢᠯ ᠤᠨ ᠵᠢᠭᠤᠯᠴᠢᠯᠠᠯ ᠤᠨ ᠭᠠᠵᠠᠷ ᠪᠣᠯᠣᠨ᠎ᠠ᠂ ᠪᠢᠳᠡ | ᠵᠢᠭᠤᠯᠴᠢᠯᠠᠬᠰᠠᠳ ᠲᠤ ᠨᠡᠩ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ ᠶᠤᠮ︾ ᠭᠡᠵᠦ ᠲᠡᠷᠡ ᠬᠡᠯᠡᠨ᠎ᠡ᠃ | ᠴᠢᠩ ᠱᠦᠢ ᠾᠧ ᠶᠢᠨ ᠨᠡᠷ᠎ᠡ ᠠᠯᠳᠠᠷᠲᠠᠢ ᠦᠵᠡᠮᠵᠢ ᠶᠢᠨ ᠣᠷᠣᠨ ᠳᠤ ᠪᠠᠰᠠ ᠦᠬᠡᠷ ᠬᠥᠲᠥᠯ ᠭᠡᠵᠦ | ᠪᠤᠢ᠃ ᠡᠨᠡ ᠨᠢ ᠬᠤᠪᠢᠰᠬᠠᠯᠲᠤ ᠰᠣᠶᠣᠯ ᠤᠨ ᠵᠢᠭᠤᠯᠴᠢᠯᠠᠯ ᠤᠨ ᠣᠷᠣᠨ ᠪᠤᠯᠬᠤ ᠪᠥᠭᠡᠳ ᠤᠯᠤᠰ ᠤᠨ 4A ᠳᠡᠰ | ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠣᠨ᠎ᠠ᠃ 1937 ᠣᠨ ᠤ 10 ᠰᠠᠷ᠎ᠠ ᠳᠤ᠂ ᠡ᠊ᠨᠳᠡ ᠨᠢᠭᠤᠴᠠ | ᠪᠠᠷ ᠪᠠᠶᠢᠭᠤᠯᠤᠭᠳᠠᠭᠰᠠᠨ ᠨᠠᠮ ᠤᠨ ᠡᠭᠦᠷ ᠪᠣᠯ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ ᠥᠪᠥᠷ ᠮᠣᠩᠭᠤᠯ ᠤᠨ | ᠬᠢᠨ ᠤ ᠥᠪᠥᠷ ᠮᠣᠩᠭᠤᠯ ᠱᠠᠨ ᠰᠢ ᠶᠢᠨ ᠠᠭᠤᠯᠵᠠᠷ ᠤᠨ ᠣᠷᠣᠨ ᠳᠤ ᠪᠠᠶᠢᠭᠤᠯᠤᠭᠰᠠᠨ ᠬᠠᠮᠤᠭ ᠤᠨ ᠡᠷᠲᠡᠨ ᠤ | ᠬᠥᠳᠡᠭᠡ ᠲᠣᠰᠬᠤᠨ ᠤ ᠨᠠᠮ ᠤᠨ ᠡᠭᠦᠷ ᠪᠣᠯᠣᠨ᠎ᠠ᠃ ᠡᠨᠡ ᠭᠠᠵᠠᠷ ᠨᠢ ᠮᠥᠨ ᠴᠦ ᠬᠤᠪᠢᠰᠬᠠᠯ ᠤᠨ ᠭᠤᠯᠣᠮᠲᠠ ᠶᠠᠨ | ᠠᠨ ᠠᠴᠠ ᠡᠪ ᠬᠠᠮᠲᠤ ᠶᠢᠨ ᠢᠨᠲ᠋ᠧᠷᠨᠠᠼᠢᠣᠨᠠᠯ ᠳᠤ ᠨᠡᠪᠲᠡᠷᠡᠬᠦ ᠴᠢᠬᠤᠯᠠ ᠵᠠᠮ᠂ ᠲᠠᠯᠠᠨ ᠬᠠᠷ᠎ᠠ ᠠᠭᠤᠯᠠ ᠶᠢᠨ ᠶᠠᠫᠤᠨ | ᠢ ᠡᠰᠡᠷᠭᠦᠴᠡᠬᠦ ᠰᠠᠭᠤᠷᠢᠨ ᠭᠠᠵᠠᠷ ᠪᠣᠯᠣᠨ ᠱᠠᠨ ᠰᠢ ᠰᠦᠢᠶᠤᠸᠠᠨ ᠤ ᠬᠢᠵᠠᠭᠠᠷ ᠣᠷᠣᠨ ᠤ ᠬᠤᠪᠢᠰᠬᠠᠯᠲᠤ ᠵᠠᠰᠠᠭ | ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠱᠠᠨ ᠰᠢ ᠰᠦᠢᠶᠤᠸᠠᠨ ᠤ ᠶᠠᠫᠤᠨ ᠢ ᠡᠰᠡᠷᠭᠦᠴᠡᠬᠦ | ᠰᠠᠭᠤᠷᠢᠨ ᠭᠠᠵᠠᠷ ᠪᠠ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ | ᠬᠤᠯᠪᠣᠭᠰᠠᠨ ᠴᠢᠬᠤᠯᠠ ᠵᠠᠩᠭᠢᠯᠠᠭ᠎ᠠ ᠶᠢᠨ ᠴᠡᠭ ᠤᠨ ᠨᠢᠭᠡ ᠮᠥᠨ᠃ | ᠬᠡᠪᠲᠡᠭᠡ ᠦᠬᠡᠷ ᠤᠨ ᠲᠣᠬᠤᠢ ᠪᠣᠯᠣᠨ ᠦᠬᠡᠷ ᠬᠥᠲᠥᠯ ᠢ ︽ᠥᠪ +︾ ᠶᠢᠨ ᠵᠠᠮ ᠬᠠᠶᠢᠭᠴᠢ | ᠭᠡᠪᠡᠯ᠂ ᠮᠢᠩ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠴᠡᠴᠡᠷᠯᠢᠭ ᠢ ᠪᠦᠲᠦᠭᠡᠨ ᠪᠠᠶᠢᠭᠤᠯᠬᠤ ᠨᠢ | ᠴᠢᠩ ᠱᠦᠢ ᠾᠧ ᠰᠢᠶᠠᠨ ᠤ ᠰᠣᠶᠣᠯ ᠤᠨ ᠪᠠᠶᠢᠭᠤᠯᠤᠯᠲᠠ ᠶᠢᠨ ᠲᠣᠮᠣ ᠠᠵᠢᠯᠯᠠᠭ᠎ᠠ ᠪᠣᠯᠤᠭᠰᠠᠨ ᠨᠢ ᠳᠠᠮᠵᠢᠭ ᠦᠭᠡᠢ | ᠃ | 2019 ᠣᠨ ᠤ 7 ᠰᠠᠷ᠎ᠠ ᠶᠢᠨ 24 ᠤ ᠡᠳᠦᠷ᠂ ᠤᠯᠤᠰ ᠠᠴᠠ ︽ᠣᠷᠳᠣ ᠴᠠᠭᠠᠨ ᠬᠡᠷᠡᠮ᠂ ᠶᠡᠭᠡ | ᠲᠠᠲᠠᠮᠠᠯ ᠭᠤᠣᠯ᠂ ᠣᠷᠳᠣ ᠵᠠᠮ ᠤᠨ ᠠᠶᠠᠨ ᠲᠡᠶᠢᠨ ᠤ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠲᠥᠰᠥᠯ︾ ᠢ ᠨᠡᠶᠢᠲᠡᠯᠡᠵᠦ᠂ ᠳᠤᠮᠳᠠᠳᠤ ᠶᠢᠨ ᠰᠣᠶᠣᠯ ᠤᠨ ᠴᠢᠬᠤᠯᠠ ᠪᠡᠯᠭᠡ ᠲᠡᠮᠳᠡᠭ ᠢ | ᠲᠥᠪᠯᠡᠷᠡᠭᠦᠯᠦᠨ ᠴᠣᠭᠴᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠦᠭᠡ ᠬᠡᠯᠡᠭᠦᠯᠬᠦ᠂ ᠲᠡᠦᠬᠡ ᠪᠠᠷ ᠦᠭᠡ | ᠬᠡᠯᠡᠭᠦᠯᠬᠦ᠂ ᠰᠣᠶᠣᠯ ᠢᠶᠠᠷ ᠦᠭᠡ ᠬᠡᠯᠡᠭᠦᠯᠬᠦ ᠬᠠᠷᠠᠯᠲᠠ ᠶᠢ ᠳᠤᠷᠠᠳᠤᠭᠰᠠᠨ ᠤ ᠳᠠᠷᠠᠭ᠎ᠠ᠂ ᠣᠷᠳᠣ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ ᠤᠨ ᠴᠢᠩ ᠱᠦᠢ ᠾᠧ ᠰᠢᠶᠠᠨ ᠤ ᠮᠢᠩ ᠤᠯᠤᠰ ᠤᠨ ᠦᠶ᠎ᠡ ᠶᠢᠨ ᠣᠷᠳᠣ | ᠴᠠᠭᠠᠨ ᠬᠡᠷᠡᠮ ᠤᠨ ᠰᠢᠶᠣᠣ ᠶᠤᠸᠠᠨ ᠮᠣᠣ ᠶᠢᠨ ᠬᠡᠰᠡᠭ ᠤᠨ ᠲᠥᠷᠥᠯ ᠵᠦᠢᠯ ᠨᠢ ᠤᠯᠤᠰ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠣᠶᠣᠯ ᠢ ᠤᠯᠠᠮᠵᠢᠯᠠᠨ ᠠᠰᠢᠭᠯᠠᠬᠤ ᠢᠨᠵᠧᠨᠧᠷᠢᠩ ᠤᠨ ᠲᠥᠷᠥᠯ ᠵᠦᠢᠯ ᠤᠨ | ᠨᠥᠭᠡᠴᠡ ᠬᠥᠮᠥᠷᠭᠡ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ | ᠶᠡᠭᠡ ᠲᠥᠷᠥᠯ ᠵᠦᠢᠯ ᠳᠤ ᠣᠷᠣᠵᠤ᠂ ᠴᠢᠩ ᠱᠦᠢ ᠾᠧ ᠰᠢᠶᠠᠨ ᠲᠤᠰ ᠲᠦᠷᠦᠯ ᠵᠦᠢᠯ ᠢ ᠪᠧᠢ ᠪᠦᠦ ᠰᠢᠶᠠᠩ ᠤᠨ | ᠬᠢᠯᠢ ᠳᠤ ᠪᠠᠶᠢᠷᠢᠯᠠᠭᠤᠯᠵᠠᠢ᠃ | ᠬᠠᠨᠴᠤᠢ ᠰᠢᠮᠠᠯᠠᠨ ᠴᠢᠷᠮᠠᠶᠢᠨ ᠠᠵᠢᠯᠯᠠᠨ᠎ᠠ᠃ ᠴᠢᠩ ᠱᠦᠢ ᠾᠧ ᠰᠢᠶᠠᠨ ᠲᠦᠷᠦᠯ ᠵᠦᠢᠯ ᠢ | ᠠᠬᠢᠭᠤᠯᠬᠤ ᠶᠢ ᠴᠢᠩᠭ᠎ᠠ ᠠᠳᠬᠤᠨ ᠭᠤᠣᠯ ᠰᠡᠳᠦᠪᠲᠦ ᠦᠵᠡᠰᠭᠦᠯᠡᠩ ᠤᠨ ᠲᠣᠭᠤᠷᠢᠭ᠂ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠲᠣᠭᠤᠷᠢᠭ᠂ ᠬᠠᠮᠢᠶᠠᠷᠤᠨ ᠡᠵᠡᠮᠳᠡᠬᠦ ᠬᠠᠮᠠᠭᠠᠯᠠᠯᠲᠠ ᠶᠢᠨ ᠣᠷᠣᠨ ᠪᠣᠯᠣᠨ ᠤᠯᠠᠮᠵᠢᠯᠠᠯ ᠤᠨ | ᠠᠰᠢᠭᠯᠠᠯᠲᠠ ᠵᠡᠷᠭᠡ 4 ᠲᠦᠷᠦᠯ ᠤᠨ ᠭᠤᠣᠯ ᠴᠢᠳᠠᠮᠵᠢ ᠶᠢᠨ ᠣᠷᠣᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ | ᠬᠠᠮᠠᠭᠠᠯᠠᠵᠤ ᠤᠯᠠᠮᠵᠢᠯᠠᠬᠤ᠂ ᠰᠤᠳᠤᠯᠵᠤ ᠠᠭᠤᠳᠠᠯᠬᠤ᠂ ᠣᠷᠴᠢᠨ ᠲᠣᠭᠤᠷᠢᠨ ᠢ ᠢᠵᠢ ᠪᠦᠷᠢᠳᠦᠭᠦᠯᠬᠦ᠂ ᠰᠣᠶᠣᠯ | ᠵᠢᠭᠤᠯᠴᠢᠯᠠᠯ ᠤᠨ ᠠᠭᠤᠰᠤᠯᠴᠠᠯ ᠵᠡᠷᠭᠡ ᠭᠤᠣᠯᠳᠠᠯᠭ᠎ᠠ ᠲᠠᠢ ᠰᠠᠭᠤᠷᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠶᠢ ᠰᠢᠰᠲ᠋ᠧᠮ ᠲᠠᠢ ᠠᠬᠢᠭᠤᠯᠵᠤ ᠪᠠᠶᠢᠨ᠎ᠠ᠃ | ᠬᠠᠲᠤᠨ ᠭᠤᠣᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠣᠷᠳᠣ | ᠴᠠᠭᠠᠨ ᠬᠡᠷᠡᠮ ᠤᠨ ᠰᠣᠶᠣᠯ᠂ ᠬᠤᠪᠢᠰᠬᠠᠯ ᠤᠨ ᠰᠣᠶᠣᠯ ᠡ᠊ᠨᠳᠡ ᠰᠣᠯᠪᠢᠴᠠᠨ ᠠᠭᠤᠰᠤᠯᠴᠠᠵᠤ᠂ ᠡᠨᠡ ᠬᠦ ᠭᠠᠵᠠᠷ | ᠨᠤᠲᠤᠭ ᠲᠤ ᠳᠤᠨᠳᠠᠷᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃ | ᠴᠢᠩ ᠱᠦᠢ ᠾᠧ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ | ᠳᠠᠷᠤᠭ᠎ᠠ ᠰᠦᠨ ᠶᠦᠩ ᠯᠢ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠴᠢᠩ ᠱᠦᠢ ᠾᠧ ᠰᠢᠶᠠᠨ ᠶᠠᠭ | ᠬᠠᠳᠤᠨ ᠭᠤᠣᠯ ᠤᠨ ᠪᠠᠶᠢᠭᠠᠯᠢ ᠶᠢᠨ ᠠᠮᠢ ᠠᠬᠤᠢ ᠶᠢ ᠲᠤᠶᠢᠯᠪᠤᠷᠢᠲᠠᠢ ᠣᠶᠢᠯᠠᠭᠠᠬᠤ ᠵᠢᠭᠤᠯᠴᠢᠯᠠᠯ ᠤᠨ ᠠᠶᠠᠨ᠂ | ᠤᠷᠳᠤ ᠴᠠᠭᠠᠨ ᠬᠡᠷᠡᠮ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠠᠶᠠᠨ ᠵᠡᠷᠭᠡ 5 | ᠵᠤᠷᠪᠤᠰ ᠵᠢᠭᠤᠯᠴᠢᠯᠠᠯ ᠤᠨ ᠵᠠᠮ ᠱᠤᠭᠤᠮ ᠢ ᠨᠠᠷᠢᠯᠢᠭ ᠲᠥᠯᠥᠪᠯᠡᠨ ᠴᠣᠭᠴᠠᠯᠠᠵᠤ ᠪᠤᠢ᠃ ︽ᠪᠢᠳᠡ ᠴᠢᠩ ᠱᠦᠢ | ᠾᠧ ᠪᠠᠨ ᠬᠤᠯᠠ ᠣᠶᠢᠷ᠎ᠠ ᠳᠤ ᠠᠯᠳᠠᠷᠰᠢᠭᠰᠠᠨ ᠵᠢᠭᠤᠯᠴᠢᠯᠠᠯ ᠤᠨ ᠲᠠᠷᠬᠠᠨ ᠣᠷᠣᠨ ᠪᠣᠯᠭᠠᠨ ᠪᠦᠲᠦᠭᠡᠨ | ᠪᠠᠶᠢᠭᠤᠯᠤᠨ᠎ᠠ︾ ᠭᠡᠵᠦ ᠲᠡᠷᠡ ᠬᠡᠯᠡᠨ᠎ᠡ᠃ | ᠬᠠᠲᠤᠨ ᠭᠤᠣᠯ᠂ ᠤᠷᠲᠤ ᠴᠠᠭᠠᠨ ᠬᠡᠷᠡᠮ ᠤᠨ ᠬᠤᠶᠠᠷ ᠲᠣᠮᠣ ᠰᠣᠶᠣᠯ ᠤᠨ ᠠᠶᠠᠨᠳᠠᠭᠠᠨ ᠤ | ᠳᠠᠪᠠᠭᠤᠯᠢᠭ ᠲᠠᠢ ᠬᠡᠪᠲᠡᠭᠡ ᠦᠬᠡᠷ ᠤᠨ ᠲᠣᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ | ᠣᠷᠣᠨ ᠨᠢᠭᠡᠨᠲᠡ ᠣᠯᠠᠨ᠎ᠠ ᠠᠯᠳᠠᠷᠰᠢᠵᠤ᠂ 2023 ᠣᠨ ᠳᠤ ᠵᠢᠭᠤᠯᠴᠢᠯᠠᠭᠴᠢ ᠶᠢ 30.2 ᠲᠦᠮᠡᠨ ᠬᠥᠮᠥᠨ | ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 1.03 ᠳ᠋ᠦᠩᠰᠢᠭᠤᠷ ᠲᠥᠭᠦᠷᠢᠭ ᠲᠤ ᠭᠦᠷᠪᠡ᠃ | | ᠡᠳᠦᠭᠡ ᠴᠢᠩ ᠱᠦᠢ ᠾᠧ ᠰᠢᠶᠠᠨ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ | ᠰᠣᠶᠣᠯ ᠢ ᠲᠣᠪᠤᠶᠢᠯᠭᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠤᠨ | ᠬᠥᠭᠵᠢᠭᠦᠯᠬᠦ ᠵᠠᠮ ᠢᠶᠠᠷ ᠵᠣᠷᠢᠭᠲᠠᠢ ᠤᠷᠤᠭᠰᠢᠯᠠᠵᠤ ᠪᠠᠶᠢᠨ᠎ᠠ᠃ | ︵ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ︶ | |