﹇ᠪᠣᠳᠠᠰ ᠤᠨ ᠪᠤᠰᠤ ᠰᠣᠶᠣᠯ ᠤᠨ ᠥᠪ﹈ ᠠᠯᠠᠱᠠ ᠶᠢᠨ ᠪᠦᠭᠡ ᠶᠢᠨ ᠦᠢᠯᠡᠰ ᠤᠨ ᠬᠥᠭᠵᠢᠯᠲᠡ ᠶᠢᠨ ᠢᠷᠡᠭᠡᠳᠦᠢ ᠬᠠᠮᠢᠭ᠎ᠠ ᠪᠠᠶᠢᠨ᠎ᠠ︖
ᠨᠡᠶᠢᠲᠡᠯᠡᠭᠰᠡᠨ ᠴᠠᠭ᠄
2024/12/26
                         ᠥᠩ ᠥᠷᠭᠡᠨ ᠠᠯᠠᠱᠠ ᠣᠯᠳᠠᠬᠤᠶ᠎ᠠ ᠪᠡᠷᠬᠡ ᠨᠤᠲᠤᠭ᠃ ᠡᠨᠡ ᠨᠤᠲᠤᠭ ᠲᠤ ᠪᠦᠭᠡ ᠱᠠᠯᠪᠢᠩ ᠤᠨ ᠲᠡᠦᠬᠡ ᠲᠤᠮᠤᠭ ᠦᠷᠭᠦᠯᠵᠢᠯᠡᠵᠤ ᠪᠠᠶᠢᠳᠠᠭ ᠤᠨ ᠤᠴᠢᠷ ᠬᠥᠮᠥᠨ ᠠᠷᠠᠳ ᠨᠢ ᠪᠦᠭᠡ ᠶᠢᠨ ᠦᠢᠯᠡᠰ ᠢᠶᠠᠨ ᠬᠥᠭᠵᠢᠭᠦᠯᠵᠦ ᠤᠯᠠᠮᠵᠢᠯᠠᠵᠤ ᠶᠠᠪᠤᠬᠤ ᠶᠢ ᠶᠡᠷᠦ ᠠᠴᠠ ᠮᠠᠷᠲᠠᠭ᠎ᠠ ᠦᠭᠡᠢ᠃ ᠤᠳᠤ ᠪᠦᠭᠦ ᠠᠶᠢᠮᠠᠭ ᠤᠨ ᠡᠯ᠎ᠡ ᠬᠤᠰᠢᠭᠤ ︵ᠣᠷᠣᠨ︶᠎ ᠎ ᠳᠤ ᠪᠦᠭᠡ ᠶᠢᠨ ᠨᠡᠶᠢᠭᠡᠮᠯᠢᠭ ᠲᠠᠢ᠂ ᠡᠯ᠎ᠡ ᠰᠤᠷᠭᠠᠭᠤᠯᠢ ᠳᠤ ᠪᠦᠭᠡ ᠶᠢᠨ ᠰᠠᠭᠤᠷᠢᠨ ᠭᠠᠵᠠᠷ ᠲᠠᠢ᠂ ᠪᠦᠭᠦ ᠠᠶᠢᠮᠠᠭ ᠤᠨ ᠦᠨᠳᠦᠰᠦᠲᠡᠨ ᠤ ᠪᠦᠭᠡ ᠶᠢᠨ ᠨᠡᠶᠢᠭᠡᠮᠯᠢᠭ ᠲᠤ 167 ᠭᠡᠰᠢᠭᠦᠨ ᠳᠠᠩᠰᠠᠯᠠᠭᠤᠯᠤᠨ᠂ ᠶᠡᠭᠡ ᠪᠠᠭ᠎ᠠ ᠨᠠᠶᠢᠷ ᠴᠤᠭᠯᠠᠭᠠᠨ ᠳᠤ ᠠᠯᠭᠠᠰᠠᠯ ᠦᠭᠡᠢ ᠪᠠᠷᠢᠯᠳᠤᠵᠤ᠂ ᠮᠠᠯᠴᠢᠨ ᠲᠦᠮᠡᠨ᠂ ᠪᠠᠭᠠᠴᠤᠳ ᠬᠡᠦᠬᠡᠳ᠂ ᠢᠳᠡᠷ ᠵᠠᠯᠠᠭᠤᠴᠤᠳ ᠪᠦᠷ ᠢᠳᠡᠪᠬᠢᠯᠡᠨ ᠣᠷᠣᠯᠴᠠᠳᠠᠭ ᠪᠣᠯᠵᠤ᠂ ᠠᠯᠠᠱᠠ ᠨᠤᠲᠤᠭ ᠤᠨ ᠪᠦᠭᠡ ᠶᠢᠨ ᠦᠢᠯᠡᠰ ᠥᠷᠨᠢᠭᠦᠨ ᠬᠥᠭᠵᠢᠯᠲᠡ ᠪᠠᠨ ᠣᠯᠣᠯ᠎ᠠ ᠭᠡᠵᠦ ᠬᠡᠯᠡᠬᠦ ᠳᠤ ᠪᠠᠷᠳᠠᠮ ᠰᠠᠨᠠᠭᠳᠠᠨ᠎ᠠ ᠠᠵᠢ᠃ ᠲᠦᠷᠦᠭᠦᠬᠡᠨ ᠪᠣᠯᠤᠭᠰᠠᠨ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ︽ᠮᠢᠨᠤ ᠠᠯᠠᠱᠠ︾ ᠬᠤᠨᠳᠠᠭᠠᠲᠤ ᠪᠦᠭᠡ ᠶᠢᠨ ᠪᠠᠷᠢᠯᠳᠤᠭᠠᠨ ᠠᠴᠠ ᠡᠰᠢ ᠲᠠᠳᠠᠨ ᠶᠠᠷᠢᠬᠤ ᠳᠤ ᠨᠠᠶᠢᠷ ᠲᠤ ᠪᠦᠭᠦ ᠬᠤᠰᠢᠭᠤᠨ ᠤ ᠮᠣᠩᠭᠤᠯ ᠬᠢᠲᠠᠳ ᠰᠤᠷᠭᠠᠭᠤᠯᠢ ᠶᠢᠨ 526 ᠪᠦᠭᠡ ᠵᠣᠳᠣᠭᠯᠠᠵᠤ᠂ ᠨᠥᠯᠥᠭᠡ ᠲᠤᠰᠬᠠᠯ ᠲᠠᠢ ᠨᠢᠵᠢᠭᠢᠷ ᠰᠠᠶᠢᠬᠠᠨ ᠨᠠᠶᠢᠷ ᠪᠣᠯᠵᠤ ᠥᠩᠭᠡᠷᠡᠭᠰᠡᠨ ᠪᠢᠯᠡ᠃ ᠡ᠊ᠨᠳᠡ ᠠᠴᠠ ᠪᠢᠳᠠ ᠠᠯᠠᠱᠠ ᠶᠢᠨ ᠪᠦᠭᠡ ᠶᠢᠨ ᠦᠢᠯᠡᠰ ᠤᠨ ᠬᠥᠭᠵᠢᠯᠲᠡ ᠶᠢᠨ ᠢᠷᠡᠭᠡᠳᠦᠢ ᠶᠢ ᠣᠯᠵᠤ ᠬᠠᠷᠠᠵᠤ ᠪᠤᠯᠬᠤ ᠪᠢᠵᠡ︖᠎               ᠠᠯᠠᠱᠠ ᠶᠢᠨ ᠪᠦᠭᠡ ᠶᠢᠨ ᠦᠢᠯᠡᠰ ᠤᠨ ᠬᠥᠭᠵᠢᠯᠲᠡ ᠶᠢᠨ ᠢᠷᠡᠭᠡᠳᠦᠢ ᠬᠠᠮᠢᠭ᠎ᠠ ᠪᠠᠶᠢᠨ᠎ᠠ︖᠎               ᠡᠷᠳᠡᠨᠢᠴᠢᠮᠡᠭ              ᠠᠯᠲᠠᠨ᠋ᠠ᠋ᠭᠤᠯᠠ᠂ ᠥᠪᠥᠷ ᠮᠣᠩᠭᠤᠯ ᠤᠨ ᠪᠦᠭᠡ ᠶᠢᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠱᠠᠯᠪᠤᠷ ᠪᠦᠭᠡ ᠶᠢᠨ ᠤᠯᠤᠰ ᠤᠨ ᠲᠡᠰ ᠤᠨ ᠥᠪᠯᠡᠨ ᠤᠯᠠᠮᠵᠢᠯᠠᠭᠴᠢ᠂ ᠠᠯᠠᠱᠠ · ᠲᠤᠮᠳᠠᠳᠤ ᠤᠯᠤᠰ ᠤᠨ ᠱᠠᠯᠪᠤᠷ ᠪᠦᠭᠡ ᠶᠢᠨ ᠨᠡᠶᠢᠭᠡᠮᠯᠢᠭ ᠤᠨ ᠤᠤᠯ ᠤᠨ ᠲᠡᠷᠢᠭᠦᠯᠡᠭᠴᠢ᠂ ᠱᠠᠯᠪᠤᠷ ᠪᠦᠭᠡ ᠶᠢᠨ ᠶᠡᠷᠦᠩᠬᠡᠢ ᠳᠠᠰᠬᠠᠯᠵᠢᠭᠤᠯᠤᠭᠴᠢ᠂ ᠤᠯᠤᠰ ᠤᠨ ᠨᠢᠭᠡᠳᠦᠭᠡᠷ ᠲᠡᠰ ᠤᠨ ᠪᠦᠭᠡ ᠶᠢᠨ ᠬᠢᠨᠠᠭᠴᠢ᠃              ᠠᠯᠳᠠᠨ᠋ᠠ᠋ᠭᠤᠯᠠ᠄ ︽ᠠᠯᠠᠱᠠ ᠨᠤᠲᠤᠭ ᠲᠤ ᠶᠡᠷᠦᠨᠢ ᠵᠠᠩᠭᠢᠶᠠᠳᠤ ᠪᠦᠭᠡ ︵ᠵᠣᠳᠤᠭ ᠪᠦᠭᠡ︶ ᠬᠢᠭᠡᠳ ᠱᠠᠯᠪᠤᠷ ᠪᠦᠭᠡ ᠬᠤᠶᠠᠷ ᠲᠦᠷᠦᠯ ᠤᠨ ᠪᠦᠭᠡ ᠪᠠᠷᠢᠯᠳᠤᠳᠠᠭ᠃ ᠵᠣᠳᠤᠭ ᠪᠦᠭᠡ ᠶᠢ ᠠᠯᠠᠱᠠᠴᠤᠳ ᠳᠡᠭᠡᠷ᠎ᠡ ᠵᠠᠭᠤᠨ ᠤ ᠲᠠᠪᠢᠭᠠᠳ ᠣᠨ ᠠᠴᠠ ᠡᠬᠢᠯᠡᠨ ᠪᠠᠷᠢᠯᠳᠤᠬᠤ ᠪᠣᠯᠵᠤ᠂ ᠲᠤᠬᠠᠢ ᠶᠢᠨ ᠦᠶ᠎ᠡ ᠶᠢᠨ ᠪᠦᠭᠡ ᠪᠠᠷᠢᠯᠳᠤᠬᠤ ᠣᠷᠴᠢᠨ ᠨᠥᠬᠦᠴᠡᠯ ᠰᠠᠶᠢᠨ ᠵᠡᠷᠭᠡ ᠨᠥᠯᠥᠭᠡ ᠠᠴᠠ ᠨᠠᠶᠠᠭᠠᠳ ᠣᠨ ᠪᠤᠯᠬᠤ ᠳᠤ ᠮᠠᠰᠢ ᠶᠡᠭᠡ ᠬᠥᠭᠵᠢᠶᠡᠨ ᠲᠠᠢ ᠴᠠᠭ ᠦᠶ᠎ᠡ ᠳᠡᠭᠡᠨ ᠣᠷᠣᠵᠤ᠂ 1982 ᠣᠨ ᠤ ᠮᠢᠩᠭᠠᠨ ᠪᠦᠭᠡ ᠶᠢᠨ ᠨᠠᠶᠢᠷ ᠢᠶᠠᠷ ᠠᠪᠴᠤ ᠶᠠᠷᠢᠬᠤ ᠳᠤ ᠲᠤᠰᠬᠠᠢ ᠮᠡᠷᠭᠡᠵᠢᠯ ᠤᠨ ᠪᠦᠭᠡ ᠪᠠᠷ ᠭᠤᠣᠯᠯᠠᠵᠤ᠂ ᠡᠨᠡ ᠨᠢ ᠠᠯᠠᠱᠠ ᠶᠢᠨ ᠦᠨᠳᠦᠰᠦᠲᠡᠨ ᠤ ᠪᠦᠭᠡ ᠶᠢᠨ ᠬᠥᠭᠵᠢᠯᠲᠡ ᠳᠤ ᠮᠠᠰᠢ ᠰᠠᠶᠢᠨ ᠰᠠᠭᠤᠷᠢ ᠶᠢ ᠲᠠᠯᠪᠢᠵᠠᠢ᠃ ᠣᠶᠢᠷᠠᠳ ᠤᠨ ᠰᠣᠶᠣᠯ ᠨᠢ ᠥᠪᠡᠷᠮᠢᠴᠡ ᠣᠨᠴᠠᠯᠢᠭ ᠲᠠᠢ ᠪᠣᠯᠬᠤᠷ ᠱᠠᠯᠪᠤᠷ ᠪᠦᠭᠡ ᠨᠢ ᠠᠯᠠᠱᠠ ᠶᠢᠨ ᠣᠷᠣᠨ ᠨᠤᠲᠤᠭ ᠤᠨ ᠣᠨᠴᠠᠯᠢᠭᠲᠤ ᠪᠦᠭᠡ ᠶᠢᠨ ᠪᠠᠷᠢᠯᠳᠤᠭᠠᠨ ᠪᠣᠯᠤᠭᠰᠠᠨ ᠪᠠᠶᠢᠨ᠎ᠠ᠃ ᠪᠣᠳᠠᠲᠠᠢ ᠮᠠᠲ᠋ᠧᠷᠢᠶᠠᠯ ᠢ ᠦᠨᠳᠦᠰᠦᠯᠡᠪᠡᠯ᠂ ᠱᠠᠯᠪᠤᠷ ᠪᠦᠭᠡ 300 ᠵᠢᠯ ᠤᠨ ᠲᠡᠦᠬᠡ ᠲᠠᠢ ᠪᠣᠯᠵᠤ᠂ ᠳᠡᠯᠡᠬᠡᠢ ᠶᠢᠨ 20 ᠭᠠᠷᠤᠢ ᠤᠯᠤᠰ ᠲᠤ ᠪᠠᠷᠢᠯᠳᠤᠳᠠᠭ ᠪᠠᠶᠢᠭᠰᠠᠨ ᠪᠠᠶᠢᠨ᠎ᠠ᠃ ᠲᠡᠶᠢᠮᠦ ᠤᠴᠢᠷ ᠠᠴᠠ ᠪᠢᠳᠠᠨ ᠤ ᠤᠳᠤ ᠶᠢᠨ ᠬᠢᠬᠦ ᠭᠡᠵᠦ ᠪᠠᠶᠢᠭ᠎ᠠ ᠬᠠᠮᠤᠭ ᠴᠢᠬᠤᠯᠠ ᠠᠵᠢᠯ ᠪᠣᠯ ᠲᠡᠦᠬᠡ᠂ ᠭᠠᠵᠠᠷ ᠵᠦᠢ᠂ ᠤᠯᠤᠰ ᠲᠦᠷᠦ ᠶᠢᠨ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠱᠠᠯᠪᠤᠷ ᠪᠦᠭᠡ ᠪᠠᠨ ᠳᠡᠯᠡᠬᠡᠢ ᠶᠢᠨ ᠪᠣᠳᠠᠰ ᠤᠨ ᠪᠤᠰᠤ ᠰᠣᠶᠣᠯ ᠤᠨ ᠥᠪ ᠲᠤ ᠮᠡᠳᠡᠭᠦᠯᠬᠦ ᠠᠵᠢᠯ ᠪᠣᠯᠣᠨ᠎ᠠ᠃ 2008 ᠣᠨ ᠳᠤ ᠠᠯᠠᠱᠠ ᠠᠶᠢᠮᠠᠭ ᠱᠠᠯᠪᠤᠷ ᠪᠦᠭᠡ ᠬᠢᠭᠡᠳ ᠵᠣᠳᠤᠭ ᠪᠦᠭᠡ ᠶᠢ ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ ᠲᠦᠷᠦᠯ ᠳᠤ ᠣᠷᠣᠭᠤᠯᠤᠭᠰᠠᠨ ᠠᠴᠠ ᠪᠦᠭᠡ ᠶᠢᠨ ᠤᠯᠠᠮᠵᠢᠯᠠᠯ ᠰᠤᠷᠭᠠᠯᠲᠠ ᠳᠤ ᠪᠠᠲᠤ ᠰᠠᠭᠤᠷᠢ ᠶᠢ ᠲᠠᠯᠪᠢᠵᠠᠢ᠃ ᠡᠭᠦᠨ ᠤ ᠬᠠᠮᠲᠤ ᠣᠪᠣᠭᠠᠨ ᠨᠠᠶᠢᠷ ᠵᠡᠷᠭᠡ ᠶᠡᠭᠡ ᠪᠠᠭ᠎ᠠ ᠨᠠᠶᠢᠷ ᠨᠠᠭᠠᠳᠤᠮ ᠳᠤ ᠪᠦᠭᠡ ᠪᠠᠷᠢᠯᠳᠤᠬᠤ ᠶᠢ ᠵᠣᠷᠢᠭᠵᠢᠭᠤᠯᠵᠤ᠂ ᠤᠯᠠᠨ ᠲᠦᠮᠡᠨ ᠤ ᠰᠣᠶᠣᠯ ᠢ ᠠᠷᠠᠳ ᠲᠦᠮᠡᠨ ᠤ ᠳᠤᠮᠳᠠ ᠭᠦᠨᠵᠡᠭᠡᠶᠢᠷᠡᠭᠦᠯᠬᠦ ᠵᠡᠷᠭᠡ ᠠᠵᠢᠯ ᠢ ᠪᠠᠷᠢᠮᠲᠠᠯᠠᠭᠰᠠᠭᠠᠷ ᠢᠷᠡᠭᠰᠡᠨ ᠪᠠᠶᠢᠨ᠎ᠠ᠃ ᠬᠤᠶᠢᠰᠢᠳᠠ ᠦᠷᠭᠦᠯᠵᠢᠯᠡᠨ ᠡᠨᠡ ᠬᠦ ᠭᠡᠯᠪᠡᠷᠢ ᠪᠠᠷ ᠪᠦᠭᠡ ᠶᠢᠨ ᠦᠢᠯᠡᠰ ᠢᠶᠠᠨ ᠬᠥᠭᠵᠢᠭᠦᠯᠬᠦ ᠶᠢ ᠪᠠᠷᠢᠮᠲᠠᠯᠠᠵᠤ ᠪᠦᠭᠡ ᠶᠢᠨ ᠰᠣᠷᠢᠭ᠎ᠠ ᠪᠣᠯᠪᠠᠰᠤᠷᠠᠯ ᠢ ᠪᠠᠶᠢᠩᠭᠤ ᠶᠠᠪᠤᠭᠤᠯᠤᠨ᠂ ᠰᠠᠶᠢᠨ ᠪᠦᠭᠡ ᠶᠢᠨ ᠳᠠᠪᠲᠠᠨ ᠪᠣᠯᠪᠠᠰᠤᠷᠠᠭᠳᠠᠬᠤ ᠶᠢ ᠪᠦᠭᠦ ᠬᠦᠴᠦ ᠪᠠᠷ ᠲᠡᠮᠵᠢᠨ᠎ᠠ︾ ᠭᠡᠵᠦ ᠠᠯᠠᠱᠠ ᠶᠢᠨ ᠪᠦᠭᠡ ᠶᠢᠨ ᠦᠢᠯᠡᠰ ᠢ ᠬᠥᠭᠵᠢᠭᠦᠯᠬᠦ ᠲᠤᠬᠠᠢ ᠪᠤᠳᠤᠯ ᠢᠶᠠᠨ ᠬᠤᠪᠢᠶᠠᠯᠴᠠᠯ᠎ᠠ᠃                            ᠲᠦᠮᠡᠨᠨᠠᠰᠤᠨ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠨᠢᠭᠡᠳᠦᠭᠡᠷ ᠰᠤᠷᠭᠠᠭᠤᠯᠢ ᠳᠤ ᠪᠠᠭᠰᠢ ᠶᠢᠨ ᠠᠯᠪᠠ ᠲᠠᠢ᠂ ᠥᠪᠥᠷ ᠮᠣᠩᠭᠤᠯ ᠤᠨ ᠪᠦᠭᠡ ᠶᠢᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠠᠱᠠ ᠠᠶᠢᠠᠮᠭ᠌ ᠤᠨ ᠦᠨᠳᠦᠰᠦᠲᠡᠨ ᠤ ᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ᠂ ᠠᠯᠠᠱᠠ · ᠲᠤᠮᠳᠠᠳᠤ ᠤᠯᠤᠰ ᠤᠨ ᠱᠠᠯᠪᠤᠷ ᠪᠦᠭᠡ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠱᠠᠯᠪᠤᠷ ᠪᠦᠭᠡ ᠶᠢᠨ ᠠᠶᠢᠮᠠᠭ ᠤᠨ ᠲᠡᠰ ᠤᠨ ᠥᠪᠯᠡᠨ ᠤᠯᠠᠮᠵᠢᠯᠠᠭᠴᠢ᠂ ᠱᠠᠯᠪᠤᠷ ᠪᠦᠭᠡ ᠶᠢᠨ ᠳᠡᠳ᠋ ᠶᠡᠷᠦᠩᠬᠡᠢ ᠳᠠᠰᠬᠠᠯᠵᠢᠭᠤᠯᠤᠭᠴᠢ᠂ ᠤᠯᠤᠰ ᠤᠨ ᠨᠢᠭᠡᠳᠦᠭᠡᠷ ᠲᠡᠰ ᠤᠨ ᠮᠣᠩᠭᠤᠯ ᠪᠦᠭᠡ ᠶᠢᠨ ᠬᠢᠨᠠᠭᠴᠢ᠂ ᠤᠯᠤᠰ ᠤᠨ ᠬᠤᠶᠠᠳᠤᠭᠠᠷ ᠲᠡᠰ ᠤᠨ ᠱᠠᠯᠪᠤᠷ ᠪᠦᠭᠡ ᠶᠢᠨ ᠬᠢᠨᠠᠭᠴᠢ᠃              ᠠᠯᠠᠱᠠ ᠳᠤ ᠪᠦᠭᠡ ᠶᠢᠨ ᠨᠠᠶᠢᠷ ᠴᠤᠭᠯᠠᠭᠠᠨ ᠪᠤᠯᠬᠤ ᠳᠤ ᠨᠢᠭᠡᠨ ᠵᠠᠯᠠᠭᠤ ᠠᠯᠢᠪᠠ ᠠᠵᠢᠯ ᠢ ᠵᠣᠬᠢᠴᠠᠭᠤᠯᠤᠨ ᠨᠠᠭᠠᠰᠢ ᠴᠠᠭᠠᠰᠢ ᠭᠦᠶᠦᠵᠦ ᠬᠠᠷᠠᠭᠳᠠᠳᠠᠭ᠃ ᠲᠡᠷᠡ ᠪᠣᠯ ᠳᠠᠷᠤᠢ ᠲᠦᠮᠡᠨᠨᠠᠰᠤᠨ ᠪᠣᠯᠣᠨ᠎ᠠ᠃ ᠱᠠᠯᠪᠤᠷ ᠪᠦᠭᠡ ᠪᠠᠨ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠲᠡᠷᠡ ᠤᠰᠤᠲᠠᠢ ᠪᠠᠶᠠᠨᠬᠤᠲᠠ ᠶᠢᠨ ᠬᠤᠭᠤᠷᠣᠨᠳᠤ ᠲᠤᠭ᠎ᠠ ᠦᠭᠡᠢ ᠤᠯᠠᠨ ᠤᠳᠠᠭ᠎ᠠ ᠶᠠᠪᠤᠵᠤ᠂ ᠱᠠᠯᠪᠤᠷ ᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠰᠤᠷᠤᠬᠴᠢᠳ ᠲᠤ ᠪᠣᠯᠪᠠᠰᠤᠷᠠᠯ ᠬᠦᠷᠲᠡᠭᠡᠬᠦ ᠶᠢᠨ ᠬᠠᠮᠲᠤ ᠱᠠᠯᠪᠤᠷ ᠪᠦᠭᠡ ᠪᠠᠨ ᠭᠠᠳᠠᠭᠰᠢ ᠤᠬᠠᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠭᠡᠷ ᠢᠷᠡᠵᠡᠢ᠃ ᠲᠦᠮᠡᠨᠨᠠᠰᠤᠨ ᠪᠦᠭᠦ ᠤᠯᠤᠰ ᠤᠨ ᠱᠠᠯᠪᠤᠷ ᠪᠦᠭᠡ ᠶᠢᠨ ︽ᠠᠯᠲᠠᠨ ᠪᠦᠰᠡ︾ ᠎ ᠶᠢᠨ ᠲᠡᠮᠡᠴᠡᠭᠡᠨ ᠵᠢᠴᠢ ᠱᠠᠯᠪᠤᠷ ᠪᠦᠭᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠪᠣᠯᠪᠠᠰᠤᠷᠠᠯ ᠤᠨ ᠠᠩᠭᠢ ᠵᠡᠷᠭᠡ ᠶᠢ 200 ᠭᠠᠷᠤᠢ ᠤᠳᠠᠭ᠎ᠠ ᠵᠣᠬᠢᠶᠠᠨ ᠪᠠᠶᠢᠭᠤᠯᠤᠨ ᠡᠷᠭᠢᠯᠡᠵᠤ᠂ 2017 ᠣᠨ ᠳᠤ ᠭᠡᠰᠢᠭᠦᠳ ᠢᠶᠠᠨ ᠳᠠᠭᠠᠭᠤᠯᠤᠨ ᠰᠢᠨᠵᠢᠶᠠᠩ ᠤᠨ ᠬᠠᠷᠬᠤᠰᠤᠨ ᠬᠤᠲᠠ ᠶᠢᠨ ᠪᠦᠭᠦ ᠤᠯᠤᠰ ᠤᠨ ᠱᠠᠯᠪᠤᠷ ᠪᠦᠭᠡ ᠶᠢᠨ ᠤᠷᠤᠯᠳᠤᠭᠠᠨ ᠳᠤ ᠣᠷᠣᠯᠴᠠᠭᠠᠳ ᠪᠦᠯᠭᠦᠮ ᠤᠨ ᠨᠢᠭᠡᠳᠦᠭᠡᠷ ᠲᠡᠰ᠂ ᠬᠤᠪᠢ ᠬᠥᠮᠥᠨ ᠤ ᠨᠢᠭᠡᠳᠦᠭᠡᠷ ᠲᠡᠰ ᠵᠡᠷᠭᠡ ᠰᠠᠶᠢᠨ ᠬᠢᠷᠢ ᠪᠦᠲᠦᠮᠵᠢ ᠶᠢ ᠣᠯᠵᠤ᠂ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠲᠠᠮᠢᠷᠴᠢᠨ︾᠂ ︽ᠰᠢᠯᠢᠳᠡᠭ ᠰᠤᠷᠭᠠᠭᠴᠢ︾᠂ ︽ᠰᠢᠯᠢᠳᠡᠭ ᠬᠢᠨᠠᠭᠴᠢ︾ ᠵᠡᠷᠭᠡ ᠴᠣᠯᠠ ᠶᠢ ᠬᠦᠷᠲᠡᠵᠡᠢ᠃ ᠡᠨᠡ ᠵᠢᠯ ᠲᠡᠷᠡ ᠠᠯᠠᠱᠠ ᠠᠶᠢᠮᠠᠭ ᠤᠨ ᠦᠨᠳᠦᠰᠦᠲᠡᠨ ᠤ ᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠪᠠᠷ ᠰᠣᠩᠭᠤᠭᠳᠠᠭᠰᠠᠨ ᠪᠠᠶᠢᠨ᠎ᠠ᠃ ᠲᠦᠮᠡᠨᠨᠠᠰᠤᠨ᠄ ︽ᠠᠯᠠᠱᠠ ᠶᠢᠨ ᠪᠦᠭᠡ ᠶᠢᠨ ᠦᠢᠯᠡᠰ ᠢ ᠬᠡᠷᠬᠢᠨ ᠤᠯᠠᠮ ᠰᠠᠶᠢᠨ ᠬᠥᠭᠵᠢᠭᠦᠯᠬᠦ ᠲᠤᠬᠠᠢ ᠪᠢ ᠤᠯᠠᠨ ᠢ ᠪᠣᠳᠣᠯᠬᠢᠯᠠᠭᠰᠠᠭᠠᠷ ᠢᠷᠡᠭᠰᠡᠨ᠂ ᠶᠡᠷᠦᠨᠢ ᠪᠦᠭᠡ ᠶᠢᠨ ᠦᠢᠯᠡᠰ ᠢ ᠬᠥᠭᠵᠢᠭᠦᠯᠦᠶ᠎ᠡ ᠭᠡᠪᠡᠯ ᠪᠠᠭᠠᠴᠤᠳ ᠬᠡᠦᠬᠡᠳ ᠠᠴᠠ ᠡᠬᠢᠯᠡᠨ ᠭᠠᠷᠳᠠᠬᠤ ᠬᠡᠷᠡᠭᠲᠡᠢ᠃ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠭᠡᠳᠡᠭ᠃ ︿ᠪᠦᠯᠬᠦᠮᠳᠡᠯ﹀ ᠪᠣᠯ ᠮᠠᠨ ᠤ ᠪᠦᠭᠡ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠨᠢ ᠪᠣᠯᠣᠨ᠎ᠠ ᠭᠡᠵᠦ ᠦᠵᠡᠵᠦ ᠪᠠᠶᠢᠨ᠎ᠠ᠃ ᠠᠵᠢᠯ ᠦᠢᠯᠡᠰ ᠢᠶᠠᠨ ᠬᠥᠭᠵᠢᠭᠦᠯᠦᠶ᠎ᠡ ᠭᠡᠪᠡᠯ ᠲᠤᠬᠠᠶᠢᠯᠠᠭᠰᠠᠨ ᠠᠵᠢᠯᠲᠠᠨ ᠪᠦᠭᠦᠳᠡᠭᠡᠷ ᠰᠡᠳᠬᠢᠯ ᠨᠢᠭᠡᠳᠴᠦ ᠴᠢᠳᠠᠳᠠᠭ ᠯᠠ ᠶᠤᠮ ᠪᠣᠯ ᠯᠠᠪᠲᠠᠢ ᠨᠡᠩ ᠥᠨᠳᠥᠷ ᠠᠮᠵᠢᠯᠲᠠ ᠳᠤ ᠬᠦᠷᠴᠦ ᠴᠢᠳᠠᠨ᠎ᠠ︾ ᠭᠡᠵᠦ ᠪᠠᠶᠢᠯ᠎ᠠ᠃                            ᠴᠡᠯᠡᠭᠡᠷ᠂ ᠠᠯᠠᠱᠠ · ᠲᠤᠮᠳᠠᠳᠤ ᠤᠯᠤᠰ ᠤᠨ ᠱᠠᠯᠪᠤᠷ ᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ᠂ ᠱᠠᠯᠪᠤᠷ ᠪᠦᠭᠡ ᠶᠢᠨ ᠠᠶᠢᠮᠠᠭ ᠤᠨ ᠲᠡᠰ ᠤᠨ ᠥᠪᠯᠡᠨ ᠤᠯᠠᠮᠵᠢᠯᠠᠭᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠰᠤᠷᠭᠠᠭᠴᠢ᠂ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠨᠢᠭᠡᠳᠦᠭᠡᠷ ᠳᠡᠰ ᠤᠨ ᠪᠠᠭᠰᠢ᠂ ᠣᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠤ ᠴᠢᠯᠦᠭᠡᠲᠦ ᠮᠠᠶ᠋ᠢᠭ ᠤᠨ ᠪᠦᠭᠡ ᠶᠢᠨ ᠤᠷᠤᠯᠳᠤᠭᠠᠨ ᠤ ᠬᠥᠩᠭᠡᠨ ᠲᠠᠰ ᠤᠨ ᠮᠠᠩᠯᠠᠢ᠂ ᠱᠠᠯᠪᠤᠷ ᠪᠦᠭᠡ ᠶᠢᠨ ᠳᠠᠰᠬᠠᠯᠵᠢᠭᠤᠯᠤᠭᠴᠢ᠂ ᠤᠯᠤᠰ ᠤᠨ ᠬᠤᠶᠠᠳᠤᠭᠠᠷ ᠲᠡᠰ ᠤᠨ ᠪᠦᠭᠡ ᠶᠢᠨ ᠬᠢᠨᠠᠭᠴᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ ᠪᠠᠭᠰᠢ ᠶᠢᠨ ᠠᠯᠪᠠ ᠲᠠᠢ᠃              ᠡᠨᠡ ᠵᠢᠯ ᠤᠨ 6 ᠰᠠᠷ᠎ᠠ ᠶᠢᠨ ᠡᠬᠢᠨ ᠳᠤ ᠪᠣᠯᠤᠭᠰᠠᠨ 2024 ᠣᠨ ᠤ ᠱᠠᠯᠪᠤᠷ ᠪᠦᠭᠡ ᠶᠢᠨ ᠤᠯᠠᠮᠵᠢᠯᠠᠭᠴᠢ ᠬᠢᠨᠠᠭᠴᠢ ᠶᠢᠨ ᠪᠣᠯᠪᠠᠰᠤᠷᠠᠯ ᠤᠨ ᠠᠩᠭᠢ ᠶᠢᠨ ᠡᠭᠢᠯᠡᠯᠳᠡ ᠶᠢᠨ ᠶᠣᠰᠣᠯᠠᠯ ᠳᠡᠭᠡᠷ᠎ᠡ ᠴᠡᠯᠡᠭᠡᠷ ᠠᠯᠠᠱᠠ · ᠲᠤᠮᠳᠠᠳᠤ ᠤᠯᠤᠰ ᠤᠨ ᠱᠠᠯᠪᠤᠷ ᠪᠦᠭᠡ ᠶᠢᠨ ᠨᠡᠶᠢᠭᠡᠮᠯᠢᠭ ᠤᠨ ᠰᠢᠨ᠎ᠡ ᠨᠢᠭᠡᠨ ᠡᠭᠡᠯᠵᠢ ᠶᠢᠨ ᠲᠡᠷᠢᠭᠦᠯᠡᠭᠴᠢ ᠪᠠᠷ ᠰᠣᠩᠭᠤᠭᠳᠠᠯ᠎ᠠ᠃ ᠡᠨᠡ ᠨᠢ ᠴᠡᠯᠡᠭᠡᠷ ᠤᠨ ᠪᠦᠭᠡ ᠶᠢᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢᠨ ᠬᠢᠨᠢ ᠦᠨᠡᠯᠡᠯᠲᠡ ᠪᠤᠯᠬᠤ ᠪᠠᠷ ᠪᠠᠷᠠᠬᠤ ᠦᠭᠡᠢ᠂ ᠠᠬᠠᠮᠠᠳ ᠨᠢᠭᠡ ᠦᠶ᠎ᠡ ᠶᠢᠨ ᠬᠢᠨ ᠠᠴᠠ ᠵᠠᠯᠠᠭᠤᠴᠤᠳ ᠲᠠᠭᠠᠨ ᠲᠠᠯᠪᠢᠭᠰᠠᠨ ᠬᠦᠰᠡᠯ ᠵᠣᠷᠢᠭᠵᠢᠭᠤᠯᠤᠯ ᠪᠠᠶᠢᠵᠤ ᠲᠠᠭᠠᠷᠠᠨ᠎ᠠ᠃ ᠪᠠᠭ᠎ᠠ ᠠᠴᠠ ᠪᠠᠨ ᠵᠢᠷᠤᠭ ᠵᠢᠷᠤᠬᠤ ᠳᠤ ᠠᠪᠢᠶᠠᠰ ᠲᠠᠢ ᠴᠡᠯᠡᠭᠡᠷ ᠢ ᠭᠡᠷ ᠤᠨ ᠠᠬᠠᠮᠠᠳ ᠨᠢ ᠵᠢᠷᠤᠭ ᠤᠨ ᠮᠡᠷᠭᠡᠵᠢᠯ ᠢᠶᠠᠷ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠤᠯᠬᠤ ᠭᠡᠵᠦ ᠵᠣᠷᠢᠭ ᠰᠢᠢᠳᠦᠭᠰᠡᠨ ᠪᠠᠶᠢᠵᠠᠢ᠃ ᠠᠩᠬ᠎ᠠ ᠭᠤᠷᠪᠠ ᠠᠴᠠ ᠪᠠᠨ ᠪᠦᠭᠡ ᠪᠠᠷᠢᠯᠳᠤᠵᠤ᠂ ᠪᠦᠭᠦ ᠣᠷᠣᠨ ᠤ ᠤᠷᠤᠯᠳᠤᠭᠠᠨ ᠳᠤ 2 ᠤᠳᠠᠭ᠎ᠠ ᠣᠷᠣᠯᠴᠠᠭᠠᠳ ᠮᠥᠩᠭᠦᠨ ᠮᠧᠳᠠᠯ ᠵᠡᠭᠦᠭᠰᠡᠨ ᠲᠡᠷᠡ ᠪᠦᠭᠡ ᠳᠤ ᠪᠠᠬ᠎ᠠ ᠲᠠᠢ ᠪᠣᠯᠵᠤ᠂ ᠳᠡᠭᠡᠳᠦ ᠨᠢᠭᠡ ᠳᠤ ᠪᠠᠶᠢᠬᠤ ᠳᠠᠭᠠᠨ ᠤᠬᠢᠯᠠᠵᠤ ᠪᠠᠶᠢᠭᠠᠳ ᠤᠯᠠᠭᠠᠨᠬᠠᠳᠠ ᠶᠢᠨ ᠲᠠᠮᠢᠷ ᠤᠨ ᠰᠤᠷᠭᠠᠭᠤᠯᠢ ᠳᠤ ᠪᠦᠭᠡ ᠶᠢᠨ ᠮᠡᠷᠭᠡᠵᠢᠯ ᠰᠤᠷᠬᠤ ᠪᠠᠷ ᠭᠦᠷᠦᠭᠰᠡᠨ ᠭᠡᠳᠡᠭ᠃ ᠲᠡᠶᠢᠨ ᠬᠦ 2003 ᠣᠨ ᠠᠴᠠ 2007 ᠣᠨ ᠪᠤᠯᠳᠠᠯ᠎ᠠ ᠪᠦᠭᠦ ᠣᠷᠣᠨ ᠤ ᠪᠦᠭᠡ ᠶᠢᠨ ᠲᠡᠮᠡᠴᠡᠭᠡᠨ ᠤ ᠬᠥᠩᠭᠡᠨ ᠲᠡᠰ ᠲᠤ ᠵᠠᠪᠰᠠᠷᠯᠠᠭ᠎ᠠ ᠦᠭᠡᠢ ᠲᠡᠷᠢᠭᠦᠯᠡᠵᠦ᠂ ᠦᠷ᠎ᠡ ᠪᠦᠳᠦᠮᠵᠢ ᠪᠠᠷ ᠢᠶᠠᠨ ᠲᠤᠬᠠᠢ ᠶᠢᠨ ᠦᠶ᠎ᠡ ᠶᠢᠨ ︽ᠵᠥᠷᠢᠭᠦᠦ︾ ᠰᠣᠩᠭᠤᠯᠲᠠ ᠳᠠᠭᠠᠨ ᠬᠠᠷᠢᠭᠤᠯᠲᠠ ᠥᠭᠭᠦᠭᠰᠡᠨ ᠪᠠᠶᠢᠨ᠎ᠠ᠃ ᠬᠤᠵᠢᠮ ᠨᠢ ᠥᠪᠥᠷ ᠮᠣᠩᠭᠤᠯ ᠤᠨ ᠪᠦᠭᠡ ᠶᠢᠨ ᠲᠤᠰᠬᠠᠢ ᠮᠡᠷᠭᠡᠵᠢᠯ ᠤᠨ ᠠᠩᠭᠢ ᠳᠤ ᠦᠯᠡᠳᠡᠭᠰᠡᠨ ᠪᠤᠯᠪᠠᠴᠤ ᠠᠷᠤ ᠭᠡᠷ᠂ ᠠᠪᠤ ᠡᠵᠢ ᠪᠠᠨ ᠪᠤᠳᠤᠭᠠᠳ ᠣᠷᠣᠨ ᠨᠤᠲᠤᠭ ᠲᠠᠭᠠᠨ ᠪᠠᠭᠰᠢᠯᠠᠵᠠᠢ᠃ ᠲᠡᠷᠡ ᠴᠠᠭ ᠠᠴᠠ ᠴᠡᠯᠡᠭᠡᠷ ᠦᠨᠳᠦᠰᠦᠲᠡᠨ ᠤ ᠪᠦᠭᠡ ᠶᠢ ᠥᠪᠯᠡᠨ ᠤᠯᠠᠮᠵᠢᠯᠠᠬᠤ ᠦᠢᠯᠡᠰ ᠲᠤ ᠠᠯᠢᠪᠠ ᠪᠠᠨ ᠵᠣᠷᠢᠭᠤᠯᠤᠭᠰᠠᠭᠠᠷ ᠡᠳᠦᠭᠡ ᠪᠣᠯᠤᠭᠰᠠᠨ ᠪᠠᠶᠢᠨ᠎ᠠ᠃ ︽ᠥᠨᠥᠳᠥᠷ ᠰᠢᠨ᠎ᠡ ᠠᠵᠢᠯ ᠤᠨ ᠲᠤᠰᠢᠶᠠᠯ ᠢ ᠲᠤᠰᠴᠤ ᠠᠪᠤᠯ᠎ᠠ᠂ 2005 ᠣᠨ ᠳᠤ ᠠᠯᠳᠠᠨ᠋ᠠ᠋ᠭᠤᠯᠠ ᠪᠠᠭᠰᠢ ᠱᠠᠯᠪᠤᠷ ᠪᠦᠭᠡ ᠶᠢᠨ ᠨᠡᠶᠢᠭᠡᠮᠯᠢᠭ ᠢ ᠠᠩᠬ᠎ᠠ ᠪᠠᠶᠢᠭᠤᠯᠵᠤ᠂ ᠪᠣᠯᠪᠠᠰᠤᠷᠠᠯ ᠬᠢᠬᠦ ᠳᠤ ᠪᠢ ᠤᠷᠤᠯᠴᠠᠵᠤ ᠪᠠᠶᠢᠭᠰᠠᠨ᠂ 20 ᠵᠢᠯ ᠤᠨ ᠲᠤᠷᠰᠢ ᠪᠢ ᠱᠠᠯᠪᠤᠷ ᠪᠦᠭᠡ ᠶᠢᠨ ᠳᠦᠷᠢᠮ ᠵᠢᠷᠤᠮ᠂ ᠬᠤᠪᠴᠠᠰᠤ ᠵᠠᠰᠠᠯ᠂ ᠪᠠᠭᠠᠵᠢ ᠬᠡᠷᠡᠭᠰᠡᠯ ᠵᠢᠴᠢ ᠱᠠᠯᠪᠤᠷ ᠪᠦᠭᠡ ᠶᠢᠨ ᠮᠡᠭᠡ ᠮᠡᠷᠭᠡᠵᠢᠯ᠂ ᠢᠷᠦᠭᠡᠯ ᠮᠠᠭᠲᠠᠭᠠᠯ ᠤᠨ ᠲᠠᠯ᠎ᠠ ᠪᠠᠷ ᠨᠡᠯᠢᠶᠡᠳ ᠡᠵᠡᠮᠰᠢᠵᠦ ᠴᠢᠳᠠᠭᠰᠠᠨ ᠪᠤᠯᠪᠠᠴᠤ ᠲᠡᠦᠬᠡ᠂ ᠡᠬᠢ ᠡᠭᠦᠰᠦᠯ ᠤᠨ ᠲᠤᠬᠠᠢ ᠪᠠᠰᠠ ᠰᠠᠶᠢᠨ ᠰᠤᠷᠤᠯᠴᠠᠬᠤ ᠴᠢᠬᠤᠯᠠ ᠲᠠᠢ᠂ ᠲᠠᠷᠠᠭᠠᠴᠢ ᠪᠠᠷ ᠰᠤᠷᠭᠠᠭᠤᠯᠢ ᠶᠢᠨ ᠬᠦᠷᠢᠶᠡᠨ ᠤ ᠵᠢᠯ ᠳᠤ ᠬᠤᠶᠠᠷ ᠤᠳᠠᠭ᠎ᠠ ᠶᠠᠪᠤᠭᠳᠠᠳᠠᠭ ᠪᠦᠭᠡ ᠶᠢᠨ ᠤᠷᠤᠯᠳᠤᠭᠠᠨ ᠢᠶᠠᠨ ᠪᠠᠷᠢᠮᠲᠠᠯᠠᠬᠤ ᠶᠢᠨ ᠬᠠᠮᠲᠤ ᠨᠡᠶᠢᠭᠡᠮ ᠳᠡᠭᠡᠷ᠎ᠡ ᠭᠠᠷᠤᠭᠰᠠᠨ ᠵᠠᠯᠠᠭᠤᠴᠤᠳ ᠢᠶᠠᠨ ᠲᠠᠭᠢᠨ ᠤᠷᠢᠶᠠᠯᠠᠵᠤ᠂ ᠪᠠᠷᠢᠯᠳᠤᠬᠤ ᠤᠷᠮ᠎ᠠ ᠶᠢ ᠨᠢ ᠬᠥᠭᠵᠢᠭᠡᠶ᠎ᠡ ᠬᠡᠮᠡᠨ ᠪᠤᠳᠤᠵᠤ ᠪᠠᠶᠢᠨ᠎ᠠ᠂ ᠢᠩᠭᠢᠪᠡᠯ ᠮᠠᠨ ᠤ ᠱᠠᠯᠪᠤᠷ ᠪᠦᠭᠡ ᠤᠯᠠᠮ ᠬᠥᠭᠵᠢᠵᠦ᠂ ᠨᠠᠶᠢᠷ ᠨᠠᠭᠠᠳᠤᠮ ᠢᠶᠠᠷ ᠪᠠᠷᠢᠯᠳᠤᠬᠤ ᠬᠥᠮᠥᠨ ᠤᠯᠠᠮ ᠤᠯᠠᠨ ᠪᠣᠯᠣᠨ᠎ᠠ︾ ᠭᠡᠵᠦ ᠴᠡᠯᠡᠭᠡᠷ ᠠᠩᠬᠠᠨ ᠤ ᠲᠥᠯᠥᠪᠯᠡᠭᠡ ᠪᠠᠨ ᠶᠠᠷᠢᠯ᠎ᠠ᠃                            ᠴᠠᠭᠠᠨᠪᠠᠷᠰ᠂ ᠲᠤᠮᠳᠠᠳᠤ ᠮᠠᠶ᠋ᠢᠭ ᠤᠨ ᠪᠦᠭᠡ ᠶᠢᠨ ᠤᠯᠤᠰ ᠤᠨ ᠠᠪᠤᠷᠭᠤ᠂ ᠪᠠᠷᠠᠭᠤᠨ ᠬᠤᠶᠢᠲᠤ ᠣᠷᠣᠨ ᠤ ᠬᠠᠮᠵᠢᠯᠴᠠᠭᠠᠨ ᠤ ᠤᠷᠤᠯᠳᠤᠭᠠᠨ ᠳᠤ ᠮᠠᠩᠯᠠᠢ ᠰᠢᠭᠦᠷᠡᠵᠦ ᠥᠩᠭᠡᠷᠡᠭᠰᠡᠨ ᠪᠥᠭᠡᠳ ᠶᠡᠭᠡ ᠪᠠᠭ᠎ᠠ ᠨᠠᠶᠢᠷ ᠨᠠᠭᠠᠳᠤᠮ ᠳᠤ 200 ᠭᠠᠷᠤᠢ ᠤᠳᠠᠭ᠎ᠠ ᠲᠡᠷᠢᠭᠦᠯᠡᠵᠡᠢ᠃ ᠠᠯᠠᠱᠠ · ᠲᠤᠮᠳᠠᠳᠤ ᠤᠯᠤᠰ ᠤᠨ ᠱᠠᠯᠪᠤᠷ ᠪᠦᠭᠡ ᠶᠢᠨ ᠨᠡᠶᠢᠭᠡᠮᠯᠢᠭ ᠤᠨ ᠬᠡᠷᠡᠭ ᠡᠷᠭᠢᠯᠡᠭᠴᠢ᠂ ᠱᠠᠯᠪᠤᠷ ᠪᠦᠭᠡ ᠶᠢᠨ ᠳᠠᠰᠬᠠᠯᠵᠢᠭᠤᠯᠤᠭᠴᠢ᠂ ᠤᠯᠤᠰ ᠤᠨ ᠬᠤᠶᠠᠳᠤᠭᠠᠷ ᠲᠡᠰ ᠤᠨ ᠪᠦᠭᠡ ᠶᠢᠨ ᠬᠢᠨᠠᠭᠴᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠪᠠᠭᠰᠢ ᠶᠢᠨ ᠠᠯᠪᠠ ᠲᠠᠢ᠃              ︽ᠪᠥᠬᠡᠴᠢᠨ ᠴᠠᠭᠠᠨᠪᠠᠷᠰ ᠵᠠᠮ ᠤᠨ ᠬᠠᠵᠠᠭᠤ ᠳᠠᠬᠢ ᠬᠤᠭ ᠨᠣᠪᠰᠢ ᠶᠢ ᠴᠡᠪᠡᠷᠯᠡᠵᠦ᠂ ᠦᠨᠡᠬᠡᠷ ᠠᠷᠠᠳ ᠲᠦᠮᠡᠨ ᠤ ᠰᠠᠶᠢᠨ ᠳᠠᠭᠤᠷᠢᠶᠠᠯ᠂ ᠠᠪᠤ ᠡᠵᠢ ᠶᠢᠨ ᠰᠠᠶᠢᠨ ᠬᠦᠦ︾᠂ ︽ᠴᠠᠭᠠᠨᠪᠠᠷᠰ ᠪᠦᠭᠡ ᠶᠢᠨ ᠪᠠᠷᠢᠯᠳᠤᠭᠠᠨ ᠳᠤ ᠮᠠᠩᠯᠠᠶᠢᠯᠠᠵᠤ ᠣᠯᠣᠭᠰᠠᠨ ᠦᠬᠡᠷ ᠢᠶᠠᠨ ᠰᠤᠷᠭᠠᠭᠤᠯᠢ ᠶᠢᠨ ᠬᠤᠭᠤᠯᠠᠨ ᠭᠡᠷ ᠲᠤ ᠬᠠᠨᠳᠢᠪᠯᠡᠵᠤ᠂ ᠰᠤᠷᠤᠬᠴᠢᠳ ᠢᠶᠠᠨ ᠪᠠᠶᠠᠷᠯᠠᠭᠤᠯᠵᠤ ᠵᠣᠷᠢᠭᠵᠢᠭᠤᠯᠵᠤ ᠪᠠᠶᠢᠨ᠎ᠠ︾ ᠬᠡᠮᠡᠬᠦ ᠶᠠᠷᠢᠶ᠎ᠠ ᠳᠠᠩᠳᠠ ᠰᠣᠨᠣᠰᠳᠠᠳᠠᠭ᠃ ᠪᠥᠬᠡᠴᠢᠨ ᠬᠥᠮᠥᠨ ᠤ ᠬᠡᠶᠢᠮᠣᠷᠢ ᠵᠤᠯᠪᠤᠭ᠎ᠠ ᠶᠢ ᠰᠡᠷᠭᠦᠭᠡᠵᠦ ᠶᠠᠪᠤᠭ᠎ᠠ ᠴᠠᠭᠠᠨᠪᠠᠷᠰ ᠠᠪᠤ ᠡᠵᠢ ᠶᠢᠨ ᠨᠠᠨᠳᠢᠨ ᠰᠤᠷᠭᠠᠯ ᠢᠶᠠᠷ ᠠᠬᠠᠰ ᠵᠠᠬᠠᠰ ᠢᠶᠠᠨ ᠬᠦᠨᠳᠦᠯᠡᠨ᠂ ᠪᠥᠬᠡᠴᠢᠳ ᠢᠶᠠᠨ ᠵᠣᠷᠢᠭᠵᠢᠭᠤᠯᠵᠤ ᠠᠨᠳᠠ ᠨᠠᠶᠢᠵᠠ ᠨᠠᠷ ᠲᠠᠭᠠᠨ ᠬᠦᠷᠢᠶᠡᠯᠡᠯ ᠲᠠᠢ ᠪᠠᠶᠢᠬᠤ ᠶᠢ ᠢᠮᠠᠭᠲᠠ ᠪᠠᠷᠢᠮᠲᠠᠯᠠᠳᠠᠭ᠃ ᠴᠠᠭᠠᠨᠪᠠᠷᠰ᠄ ︽ᠪᠢ ᠥᠪᠡᠷ ᠢᠶᠠᠨ ᠪᠦᠭᠡ ᠳᠤ ᠪᠠᠬ᠎ᠠ ᠲᠠᠢ᠂ ᠮᠢᠨᠤ ᠪᠠᠭ᠎ᠠ ᠨᠠᠰᠤᠨ ᠳᠤ ᠪᠦᠭᠡ ᠶᠢᠨ ᠮᠡᠷᠭᠡᠵᠢᠯ ᠵᠢᠭᠠᠬᠤ ᠪᠠᠭᠰᠢ ᠦᠭᠡᠢ ᠪᠠᠶᠢᠭᠰᠠᠨ᠂ ᠤᠳᠤ ᠨᠥᠬᠦᠴᠡᠯ ᠰᠠᠶᠢᠨ ᠪᠣᠯᠵᠠᠢ᠂ ᠬᠡᠦᠬᠡᠳ ᠲᠤ ᠡᠷᠲᠡᠨ ᠠᠴᠠ ᠦᠨᠳᠦᠰᠦᠨ ᠰᠠᠭᠤᠷᠢ ᠮᠡᠷᠭᠡᠵᠢᠯ ᠢ ᠡᠵᠡᠮᠰᠢᠭᠦᠯᠦᠶ᠎ᠡ ᠭᠡᠰᠡᠨ ᠵᠣᠷᠢᠯᠭ᠎ᠠ ᠪᠠᠷ ᠡᠳᠡᠭᠡᠷ ᠠᠵᠢᠯ ᠢᠶᠠᠨ ᠬᠢᠵᠦ ᠶᠠᠪᠤᠵᠤ ᠪᠠᠶᠢᠨ᠎ᠠ᠃ ᠬᠤᠶᠢᠰᠢᠳᠠ ᠴᠤ ᠭᠡᠰᠡᠨ ᠠᠯᠠᠱᠠ ᠪᠦᠭᠡ ᠶᠢ ᠨᠢᠯᠬ᠎ᠠ ᠪᠠᠭ᠎ᠠ ᠰᠤᠷᠤᠬᠴᠢ ᠠᠴᠠ ᠡᠬᠢᠯᠡᠨ ᠬᠥᠮᠥᠵᠢᠭᠦᠯᠵᠦ᠂ ᠰᠠᠭᠤᠷᠢ ᠶᠢ ᠨᠢ ᠪᠠᠲᠤ ᠲᠠᠯᠪᠢᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠭᠦ ᠪᠠᠷ ᠴᠢᠷᠮᠠᠶᠢᠨ᠎ᠠ︾ ᠭᠡᠵᠦ ᠪᠠᠶᠢᠪᠠ᠃                            ᠱᠢᠷᠦᠨ᠄ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠪᠠᠭᠰᠢ ᠶᠢᠨ ᠠᠯᠪᠠ ᠲᠠᠢ᠂ ᠠᠯᠠᠱᠠ · ᠲᠤᠮᠳᠠᠳᠤ ᠤᠯᠤᠰ ᠤᠨ ᠱᠠᠯᠪᠤᠷ ᠪᠦᠭᠡ ᠶᠢᠨ ᠨᠡᠶᠢᠭᠡᠮᠯᠢᠭ ᠤᠨ ᠬᠡᠷᠡᠭ ᠡᠷᠭᠢᠯᠡᠭᠴᠢ᠂ ᠱᠠᠯᠪᠤᠷ ᠪᠦᠭᠡ ᠶᠢᠨ ᠳᠠᠰᠬᠠᠯᠵᠢᠭᠤᠯᠤᠭᠴᠢ᠂ ᠤᠯᠤᠰ ᠤᠨ ᠬᠤᠶᠠᠳᠤᠭᠠᠷ ᠲᠡᠰ ᠤᠨ ᠪᠦᠭᠡ ᠶᠢᠨ ᠬᠢᠨᠠᠭᠴᠢ᠃              ᠲᠤᠬᠠᠢ ᠶᠢᠨ ᠦᠶ᠎ᠡ ᠳᠤ ᠠᠯᠠᠱᠠ ᠮᠣᠩᠭᠤᠯ ᠦᠨᠳᠦᠰᠦᠲᠡᠨ ᠤ ᠪᠦᠷᠢᠨ ᠲᠤᠮᠳᠠᠳᠤ ᠰᠤᠷᠭᠠᠭᠤᠯᠢ ᠶᠢᠨ ᠳᠡᠭᠡᠳᠦ ᠲᠤᠮᠳᠠᠳᠤ ᠳᠤ ᠰᠤᠷᠤᠯᠴᠠᠵᠤ ᠪᠠᠶᠢᠭᠰᠠᠨ ᠱᠢᠷᠦᠨ᠂ ᠰᠤᠷᠭᠠᠭᠤᠯᠢ ᠶᠢᠨ ᠬᠦᠷᠢᠶᠡᠨ ᠤ ᠪᠦᠭᠡ ᠶᠢᠨ ᠤᠷᠤᠯᠳᠤᠭᠠᠨ ᠳᠤ ᠲᠡᠷᠢᠭᠦᠯᠡᠭᠡᠳ ᠪᠦᠭᠡ ᠳᠤ ᠪᠠᠬ᠎ᠠ ᠲᠠᠢ ᠪᠣᠯᠵᠠᠢ᠃ ᠰᠡᠭᠦᠯᠡᠷ ᠨᠢ ᠨᠢᠭᠡ ᠤᠳᠠᠭ᠎ᠠ ᠪᠠᠶᠠᠨᠰᠥ᠋ᠮᠪᠥᠷ ᠤᠨ ᠣᠪᠣᠭᠠᠨ ᠲᠠᠭᠢᠯᠭ᠎ᠠ ᠳᠡᠭᠡᠷ᠎ᠡ ᠤᠯᠠᠨ ᠬᠥᠮᠥᠰ ᠪᠦᠭᠡ ᠶᠢᠨ ᠪᠠᠷᠢᠯᠳᠤᠭᠠᠨ ᠳᠤ ᠢᠳᠡᠪᠬᠢᠲᠡᠢ ᠣᠷᠤᠯᠴᠠᠬᠤ ᠶᠢ ᠬᠠᠷᠠᠭᠰᠠᠨ ᠲᠡᠷᠡ ᠵᠣᠳᠣᠭᠯᠠᠵᠤ ᠪᠠᠷᠢᠯᠳᠤᠭᠠᠳ ᠳᠡᠳ᠋ ᠪᠠᠶᠢᠷᠢᠨ ᠳᠤ ᠣᠷᠣᠵᠠᠢ᠃ ᠮᠥᠨ ᠲᠡᠷᠡ ᠤᠳᠠᠭᠠᠨ ᠤ ᠤᠷᠤᠯᠳᠤᠭᠠᠨ ᠳᠤ ᠠᠯᠠᠱᠠ ᠠᠶᠢᠮᠠᠭ ᠤᠨ ᠪᠦᠭᠡ ᠶᠢᠨ ᠦᠢᠯᠡᠰ ᠤᠨ ᠪᠠᠰᠠ ᠨᠢᠭᠡᠨ ᠵᠢᠳᠬᠦᠯᠲᠡᠨ ᠠᠯᠲᠠᠨᠬᠤᠶᠠᠭ ᠪᠠᠭᠰᠢ ᠱᠢᠷᠦᠨ ᠤ ᠪᠠᠷᠢᠯᠳᠤᠬᠤ ᠶᠢ ᠦᠵᠡᠵᠦ ᠲᠣᠭᠤᠭᠠᠳ ᠪᠦᠭᠡ ᠶᠢᠨ ᠠᠩᠭᠢ ᠶᠢᠨ ᠢᠶᠠᠨ ᠭᠡᠰᠢᠭᠦᠨ ᠢᠶᠠᠷ ᠡᠯᠰᠡᠭᠰᠡᠨ ᠢᠶᠠᠷ᠂ ᠭᠠᠳᠠᠭᠰᠢ ᠤᠷᠤᠯᠳᠤᠭᠠᠨ ᠳᠤ ᠶᠠᠪᠤᠬᠤ ᠪᠣᠯᠤᠭᠰᠠᠨ ᠪᠠᠶᠢᠨ᠎ᠠ᠃ ᠲᠡᠷᠡ ᠴᠠᠭ ᠠᠴᠠ ᠡᠬᠢᠯᠡᠨ ᠱᠢᠷᠦᠨ ᠵᠢᠩᠬᠢᠨᠢ ᠪᠠᠷ ᠪᠦᠭᠡ ᠪᠠᠷᠢᠯᠳᠤᠵᠤ᠂ ᠱᠠᠩᠨᠠᠯ ᠬᠥᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠭᠰᠠᠭᠠᠷ ᠢᠷᠡᠵᠡᠢ᠃ ︽ᠪᠢ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠪᠣᠯᠬᠤᠷ ᠰᠤᠷᠤᠬᠴᠢ ᠬᠡᠦᠬᠡᠳ ᠲᠡᠭᠡᠨ ᠪᠠᠭ᠎ᠠ ᠠᠴᠠ ᠎ ᠨᠢ ᠪᠦᠭᠡ ᠶᠢ ᠲᠠᠨᠢᠭᠤᠯᠵᠤ᠂ ᠪᠦᠭᠡ ᠶᠢᠨ ᠶᠣᠰᠣ ᠵᠢᠷᠤᠮ ᠢ ᠮᠡᠳᠡᠭᠦᠯᠦᠨ᠂ ᠪᠠᠭ᠎ᠠ ᠠᠴᠠ ᠨᠢ ᠪᠦᠭᠡ ᠳᠤ ᠳᠤᠷ᠎ᠠ ᠪᠠᠬ᠎ᠠ ᠲᠠᠢ ᠪᠣᠯᠭᠠᠨ ᠬᠥᠮᠥᠵᠢᠭᠦᠯᠵᠦ᠂ ᠵᠢᠭᠠᠨ ᠰᠤᠷᠭᠠᠯᠲᠠ ᠶᠢᠨ ᠳᠤᠮᠳᠠ ᠪᠠᠨ ᠪᠦᠭᠡ ᠶᠢ ᠤᠯᠠᠮᠵᠢᠯᠠᠨ ᠵᠢᠭᠠᠬᠤ ᠠᠵᠢᠯ ᠢᠶᠠᠨ ᠰᠠᠶᠢᠲᠤᠷ ᠬᠢᠬᠦ ᠪᠠᠷ ᠴᠢᠷᠮᠠᠶᠢᠨ᠎ᠠ︾ ᠭᠡᠵᠦ ᠱᠢᠷᠦᠨ ᠪᠤᠳᠤᠯ ᠢᠶᠠᠨ ᠶᠠᠷᠢᠨ᠎ᠠ᠃              ᠥᠨᠥᠳᠥᠷ ᠤᠨ ᠠᠯᠠᠱᠠ ᠨᠤᠲᠤᠭ ᠤᠨ ᠪᠦᠭᠡ ᠶᠢᠨ ᠦᠢᠯᠡᠰ ᠤᠨ ᠠᠮᠵᠢᠯᠲᠠ ᠪᠦᠲᠦᠮᠵᠢ ᠨᠢ ᠬᠡᠳᠦᠨ ᠦᠶ᠎ᠡ ᠶᠢᠨ ᠬᠥᠮᠥᠰ ᠤᠨ ᠴᠢᠷᠮᠠᠶᠢᠯᠭ᠎ᠠ ᠪᠠᠷ ᠣᠯᠣᠭᠰᠠᠨ ᠭᠡᠳᠡᠭ ᠨᠢ ᠳᠠᠮᠵᠢᠭ ᠦᠭᠡᠢ᠃ ᠨᠡᠩ ᠢᠯᠠᠩᠭᠤᠶ᠎ᠠ ᠪᠦᠭᠡ ᠶᠢᠨ ᠦᠢᠯᠡᠰ ᠢᠶᠠᠨ ᠬᠥᠭᠵᠢᠭᠦᠯᠬᠦ ᠳᠤ ᠪᠠᠭᠠᠴᠤᠳ ᠬᠡᠦᠬᠡᠳ ᠠᠴᠠ ᠡᠬᠢᠯᠡᠵᠦ ᠭᠠᠷᠳᠠᠬᠤ ᠡᠨᠡ ᠬᠦ ᠤᠬᠠᠭᠠᠨ ᠰᠠᠮᠪᠠᠭ᠎ᠠ ᠨᠢ ᠪᠢᠳᠠᠨ ᠤ ᠪᠦᠯᠬᠦᠮᠳᠡᠯ᠂ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠨᠢ ᠯᠠᠪᠲᠠᠢ ᠪᠤᠶᠤ ᠃ ᠪᠦᠭᠡ ᠶᠢᠨ ᠥᠪ ᠰᠣᠶᠣᠯ ᠢᠶᠠᠨ ᠥᠪᠯᠡᠨ ᠤᠯᠠᠮᠵᠢᠯᠠᠵᠤ᠂ ᠤᠯᠤᠰ ᠣᠷᠣᠨ᠂ ᠨᠡᠩ ᠴᠢᠨᠠᠭᠰᠢᠯᠠᠨ ᠳᠡᠯᠡᠬᠡᠢ ᠶᠢᠨ ᠬᠠᠷᠠᠭᠠᠨ ᠳᠤ ᠬᠦᠷᠭᠡᠬᠦ ᠪᠠᠷ ᠪᠦᠭᠡ ᠳᠡᠭᠡᠨ ᠬᠠᠶᠢᠷᠠᠲᠠᠢ᠂ ᠳᠤᠷ᠎ᠠ ᠪᠠᠬ᠎ᠠ ᠲᠠᠢ ᠤᠯᠠᠨ ᠬᠥᠮᠥᠰ ᠴᠢᠷᠮᠠᠶᠢᠨ ᠠᠵᠢᠯᠯᠠᠭᠰᠠᠭᠠᠷ ᠁          
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号