﹇ᠲᠠᠪᠤᠨ ᠶᠡᠭᠡ ᠡᠭᠦᠷᠭᠡ᠄ ᠪᠠᠶᠢᠷᠢᠯᠠᠭᠤᠯᠤᠯᠲᠠ ᠨᠠᠶᠢᠳᠠᠪᠤᠷᠢᠵᠢᠭᠤᠯᠤᠯᠲᠠ﹈ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ + ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ = ᠪᠣᠬᠢᠷᠳᠤᠯ ᠦᠭᠡᠢ ᠬᠥᠭᠵᠢᠯᠲᠡ
ᠨᠡᠶᠢᠲᠡᠯᠡᠭᠰᠡᠨ ᠴᠠᠭ᠄
2024/12/26
                         ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠵᠢᠷᠭᠤᠭᠠᠨ ᠢᠨᠵᠧᠨᠧᠷᠢᠩ ᠤᠨ ᠬᠤᠶᠠᠳᠤᠭᠠᠷ ᠢᠨᠵᠧᠨᠧᠷᠢᠩ ᠪᠣᠯᠣᠨ᠎ᠠ᠃ ᠳᠤᠰ ᠢᠨᠵᠧᠨᠧᠷᠢᠩ ᠢ ᠳᠤᠷᠠᠳᠤᠭᠰᠠᠨ ᠤ ᠦᠨᠳᠦᠰᠦᠯᠡᠯ ᠪᠣᠯ ︽ᠤᠯᠤᠰ ᠤᠨ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ︾᠎ ᠳᠠᠬᠢ ᠭᠤᠷᠪᠠᠨ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠤᠶᠠᠷ ᠬᠠᠭᠠᠰ ᠨᠢ ᠥᠪᠥᠷ ᠮᠣᠩᠭᠤᠯ ᠳᠤ ᠪᠠᠶᠢᠨ᠎ᠠ᠃ ᠡᠨᠡ ᠬᠦ ᠢᠨᠵᠧᠨᠧᠷᠢᠩ ᠢ ᠪᠡᠶᠡᠯᠡᠭᠦᠯᠬᠦ ᠨᠢ ᠥᠪᠥᠷ ᠮᠣᠩᠭᠤᠯ ᠤᠨ ᠬᠥᠭᠵᠢᠯᠲᠡ ᠎ ᠲᠠᠢ ᠬᠤᠯᠪᠣᠭᠳᠠᠬᠤ ᠪᠠᠷ ᠪᠠᠷᠠᠬᠤ ᠦᠭᠡᠢ ᠪᠠᠰᠠ ᠤᠯᠤᠰ ᠤᠨ ᠪᠦᠭᠦᠶᠢᠯᠠ ᠤᠮᠠᠷᠠᠲᠤ ᠶᠢᠨ ᠭᠤᠷᠪᠠᠨ ᠣᠷᠣᠨ ᠴᠢᠨᠠᠭᠰᠢᠯᠠᠪᠠᠯ ᠪᠦᠭᠦᠶᠢᠯᠠ ᠣᠳᠣᠬᠢᠴᠢᠯᠠᠯᠲᠠ ᠶᠢᠨ ᠦᠢᠯᠡᠰ ᠲᠤ ᠲᠤᠶᠢᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠪᠥᠭᠡᠳ ᠠᠯᠤᠰ ᠬᠤᠯᠠ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃              ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠨᠢ ᠳᠤᠰ ᠳᠤᠰ᠂ ᠬᠠᠳᠤᠠ ᠭᠤᠣᠯ ᠎ ᠤᠨ ᠶᠡᠭᠡ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ᠂ ᠬᠤᠯᠠᠨ ᠰᠢᠷᠭ᠎ᠠ ᠳᠠᠭ᠎ᠠ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ᠂ ᠾᠧᠰᠢ ᠶᠢᠨ ᠬᠤᠨᠬᠭᠢᠯ ᠊᠊᠊ ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ 2023 ᠣᠨ ᠤ 6 ᠰᠠᠷ᠎ᠠ ᠳᠤ ᠪᠠᠶᠠᠨᠨᠠᠭᠤᠷ ᠲᠤ ᠰᠢᠨᠵᠢᠯᠡᠨ ᠪᠠᠶᠢᠴᠠᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠠᠠ ᠬᠤᠷᠠᠯᠳᠤᠭᠤᠯᠵᠤ᠂ ᠰᠢᠰᠲ᠋ᠧᠮᠳᠤ ᠦᠵᠡᠯᠲᠡ ᠶᠢ ᠪᠠᠷᠢᠮᠲᠠᠯᠠᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠭᠦᠷᠦᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠃              ᠥᠪᠥᠷ ᠮᠣᠩᠭᠤᠯ ᠳᠤ ᠶᠡᠭᠡ ᠬᠡᠪᠴᠢᠶᠡᠨ ᠤ ᠡᠯᠡᠰᠦ ᠮᠠᠩᠬ᠎ᠠ ᠲᠠᠢ᠃ ᠤᠯᠠᠠ ᠵᠢᠯ ᠤᠨ ᠲᠤᠷᠰᠢ ᠪᠢᠳᠠ ᠡᠯᠡᠰᠦ ᠮᠠᠩᠬ᠎ᠠ ᠲᠠᠢ ᠲᠡᠮᠡᠴᠡᠬᠦ ᠳᠤᠮᠳᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠮᠠᠰᠢ ᠤᠯᠠᠠ ᠬᠤᠪᠣᠷ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠳᠤ ᠵᠣᠬᠢᠴᠠᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠡᠭᠦᠳᠦᠭᠰᠡᠨ ᠶᠤᠮ᠃ ᠢᠯᠠᠩᠭᠤᠶ᠎ᠠ ᠣᠶᠢᠷ᠎ᠠ ᠶᠢᠨ ᠵᠢᠯ ᠎ ᠳᠤ ᠡᠯᠡᠰᠦᠨ ᠴᠦᠯ ᠳᠤ ᠰᠡᠬᠦᠶᠢᠨ ᠪᠣᠰᠣᠭᠰᠠᠨ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ ᠤᠨ ᠢᠨᠵᠧᠨᠧᠷᠢᠩ ᠨᠢ ᠨᠠᠩ ᠴᠸ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ ᠪᠠᠶᠢᠨ᠎ᠠ᠃              ᠡᠭᠦᠨ ᠠᠴᠠ ᠦᠵᠡᠬᠦ ᠳᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠬᠥᠭᠵᠢᠭᠦᠯᠬᠦ ᠪᠣᠯ ᠨᠡᠭᠦᠷᠠᠰᠦᠳᠦᠷᠦᠭᠴᠢ ᠪᠠᠭ᠎ᠠ᠂ ᠪᠣᠬᠢᠷᠳᠤᠯ ᠦᠭᠡᠢ ᠬᠥᠭᠵᠢᠯᠲᠡ ᠶᠢᠨ ᠨᠡᠶᠢᠲᠡᠯᠢᠭ ᠵᠠᠭᠪᠤᠷ ᠪᠠᠶᠢᠵᠤ᠂ ᠡᠯᠡᠰᠦᠷᠬᠡᠭ ᠣᠷᠣᠨ ᠤ ᠳᠦᠷᠰᠦ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠤ ᠴᠢᠳᠠᠬᠤ ᠪᠠᠷ ᠪᠠᠷᠠᠬᠤ ᠦᠭᠡᠢ᠂ ᠪᠠᠰᠠ 1+1﹀2᠎ ᠤᠨ ᠦᠷ᠎ᠡ ᠪᠦᠳᠦᠮᠵᠢ ᠭᠠᠷᠭᠠᠨ᠂ ᠥᠪᠡᠷᠲᠡᠭᠡᠨ ᠵᠠᠰᠠᠬᠤ ᠣᠷᠣᠨ ᠎ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠭᠦ ᠪᠣᠯᠣᠨ᠎ᠠ᠃              ᠡᠨᠡ ᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ᠄ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠨᠠᠩ ᠤᠯᠠᠠ ᠬᠦᠴᠦᠨ ᠢ ᠳᠠᠶᠢᠴᠢᠯᠠᠠ ᠣᠷᠣᠯᠴᠠᠭᠤᠯᠵᠤ᠂ ᠪᠡᠯᠡ ᠮᠥᠩᠭᠦ ᠶᠢᠨ ᠤᠷᠤᠭᠤᠯᠤᠯᠳᠠ ᠶᠢᠨ ᠲᠠᠯ᠎ᠠ ᠪᠠᠷ ᠢᠯᠡᠭᠦᠬᠡᠨ ᠠᠷᠭ᠎ᠠ ᠪᠤᠳᠤᠵᠤ᠂ ᠠᠷᠭ᠎ᠠ ᠵᠠᠮ ᠢᠶᠠᠨ ᠥᠷᠭᠡᠳᠬᠡᠨ᠂ ᠭᠤᠶᠤᠴᠢᠯᠠᠨ ᠣᠯᠵᠤ ᠳᠠᠶᠢᠯᠭᠦ ᠪᠠᠨ ᠭᠤᠶᠤᠴᠢᠯᠠᠨ ᠣᠯᠵᠤ᠂ ᠪᠡᠯᠡ ᠣᠷᠣᠭᠤᠯᠵᠤ ᠳᠠᠶᠢᠯᠭᠦ ᠨᠢ ᠪᠡᠯᠡ ᠣᠷᠣᠭᠤᠯᠵᠤ᠂ ᠢᠳᠡᠪᠬᠢᠵᠢᠯ ᠢ ᠳᠠᠶᠢᠴᠢᠯᠠᠵᠤ ᠳᠠᠶᠢᠯᠭᠦ ᠶᠢ ᠨᠢ ᠠᠷᠭ᠎ᠠ ᠪᠦᠭᠦᠠ ᠢ ᠰᠦᠪᠡᠭᠴᠢᠯᠡᠨ ᠭᠦᠢᠴᠡᠳ ᠳᠠᠶᠢᠴᠢᠯᠠᠠ᠂ ᠨᠡᠶᠢᠭᠡᠮ ᠤᠨ ᠬᠥᠷᠥᠩᠭᠡ ᠶᠢ ᠳᠠᠶᠢᠴᠢᠯᠠᠠ ᠶᠡᠭᠡ ᠪᠠᠷ ᠣᠷᠣᠯᠴᠠᠭᠤᠯᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠ ᠳᠠᠶᠢᠴᠢᠯᠠᠠ ᠵᠣᠬᠢᠴᠠᠭᠤᠯᠬᠤ ᠶᠢ ᠨᠢᠭᠲᠠ ᠤᠶᠠᠯᠳᠤᠭᠤᠯᠤᠨ᠂ ᠡᠨᠡ ᠬᠦ ᠠᠬᠢᠴᠠ ᠶᠢ ᠨᠢᠭᠡᠨᠲᠡ ᠲᠣᠭᠲᠠᠭᠠᠭᠰᠠᠨ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠣᠨᠴᠠᠭᠠᠶᠢᠯᠠᠨ ᠰᠠᠨᠠᠭᠤᠯᠵᠠᠢ᠃              ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠪᠣᠳᠠᠲᠠᠢ ᠠᠵᠢᠯᠯᠠᠬᠤ ᠢᠨᠵᠧᠨᠧᠷᠢᠩ ᠮᠥᠨ᠂ ᠦᠨᠡᠨ ᠪᠣᠳᠠᠲᠠᠢ ᠪᠡᠯᠡ ᠤᠷᠤᠭᠤᠯᠤᠯᠳᠠ ᠪᠠᠶᠢᠬᠤ ᠴᠢᠬᠤᠯᠠᠲᠠᠢ ᠮᠥᠷᠲᠡᠭᠡᠨ ᠨᠠᠩ ᠴᠸ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠱᠠᠭᠠᠷᠳᠠᠨ᠎ᠠ᠂ ᠪᠠᠰᠠ ᠠᠵᠤ ᠠᠬᠤᠢ ᠶᠢᠨ ᠵᠢᠮ᠎ᠡ ᠶᠣᠰᠣ ᠪᠣᠯᠣᠨ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠦᠨᠳᠦᠳᠬᠡᠨ᠂ ᠪᠣᠳᠠᠲᠠᠢ ᠠᠵᠢᠯᠯᠠᠭ᠎ᠠ᠂ ᠰᠢᠨᠵᠢᠯᠡᠬᠦ ᠤᠬᠠᠭᠠᠨ᠂ ᠤᠶᠤᠠ ᠤᠬᠠᠭᠠᠨ ᠢ ᠣᠷᠭᠠᠨᠢᠭ ᠢᠶᠠᠷ ᠠᠭᠤᠰᠤᠯᠴᠠᠭᠤᠯᠪᠠᠯ ᠰᠠᠶ᠋ᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠶᠢᠬᠠᠮᠰᠢᠭ ᠢ ᠡᠭᠦᠳᠴᠦ᠂ ᠰᠠᠶ᠋ᠢ ᠪᠠᠭ᠎ᠠ ᠪᠠᠷ ᠶᠡᠭᠡ ᠶᠢ ᠪᠦᠲᠦᠭᠡᠬᠦ ᠦᠷ᠎ᠡ ᠪᠦᠳᠦᠮᠵᠢ ᠶᠢ ᠣᠯᠵᠤ ᠴᠢᠳᠠᠨ᠎ᠠ᠃ ᠭᠠᠭᠴᠠᠬᠦ ︽ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠠ ᠭᠡᠷᠡᠯᠴᠢ ᠴᠡᠨᠡᠭ︾᠎ ᠢ ᠨᠢᠭᠡ ᠴᠣᠭᠴᠠᠵᠢᠭᠤᠯᠤᠨ ᠬᠥᠭᠵᠢᠭᠦᠯᠪᠡᠯ ᠰᠠᠶ᠋ᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ︾ ᠠᠤᠭ᠎ᠠ ᠬᠠᠷᠠᠯᠲᠠ ᠨᠤᠭᠤᠳ ᠢ ᠪᠡᠶᠡᠯᠡᠭᠦᠯᠵᠦ ᠴᠢᠳᠠᠨ᠎ᠠ᠃                
 
ᠢᠷᠡᠯᠲᠡ᠄ ︵ᠤᠮᠠᠷᠠᠲᠤ ᠬᠢᠯᠢ ᠶᠢᠨ ᠰᠣᠨᠢᠨ ᠮᠡᠳᠡᠭᠡ︶
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号