ᠪᠠᠳᠠᠢ ᠶᠢᠨ ᠵᠢᠷᠠᠨ ᠪᠠᠯᠭᠠᠰᠤᠨ ᠳᠤ ᠬᠠᠳᠬᠤᠮᠠᠯ ᠤᠨ ᠣᠷᠣᠯᠳᠣᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/12/28
                                                        ● ᠨᠡᠷᠡᠨ᠎ᠡ                            ᠣᠶᠢᠷ᠎ᠠ ᠶᠢᠨ ᠡᠳᠦᠷ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠳᠤ ᠠᠯᠠᠱᠠ ᠪᠠᠷᠠᠭᠤᠨ ᠬᠤᠰᠢᠭᠤᠨ ᠤ ᠨᠣᠮ ᠤᠨ ᠰᠠᠩ ᠰᠣᠶᠣᠯ ᠤᠨ ᠣᠷᠳᠣᠨ ᠠᠴᠠ ᠭᠤᠣᠯᠯᠠᠨ ᠡᠷᠭᠢᠯᠡᠭᠰᠡᠨ ᠰᠢᠨ᠎ᠡ ᠳᠣᠮᠳᠠᠳᠣ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠰᠣᠶᠣᠯ ᠤᠨ ᠰᠢᠷᠢᠰ ᠬᠥᠳᠡᠯᠭᠡᠭᠡᠨ ᠵᠢᠴᠢ ᠠᠯᠠᠱᠠ ᠠᠶᠢᠮᠠᠭ ᠤᠨ ᠵᠢᠷᠭᠤᠳᠤᠭᠠᠷ ᠬᠤᠭᠤᠴᠠᠭᠠᠨ ᠤ ︽ᠰᠣᠯᠣᠩᠭ᠎ᠠ︾ ᠬᠤᠨᠳᠠᠭᠠᠲᠤ ᠠᠯᠠᠱᠠ ᠤᠷᠠᠨ ᠬᠠᠳᠬᠤᠮᠠᠯ ᠤᠨ ᠱᠠᠩᠨᠠᠯ ᠣᠯᠭᠤᠬᠤ ᠶᠣᠰᠣᠯᠠᠯ ᠶᠠᠪᠤᠭᠳᠠᠵᠤ᠂ ᠠᠯᠠᠱᠠ ᠠᠶᠢᠮᠠᠭ ᠤᠨ 61 ᠬᠠᠳᠬᠤᠮᠠᠯᠴᠢᠨ ᠤ 700 ᠬᠦᠷᠬᠦ ᠪᠦᠲᠦᠭᠡᠯ ᠢ ᠳᠡᠯᠭᠡᠨ ᠦᠵᠡᠭᠦᠯᠵᠡᠢ᠃              ᠳᠣᠰ ᠤᠳᠠᠭᠠᠨ ᠤ ᠬᠠᠳᠬᠤᠮᠠᠯ ᠤᠨ ᠣᠷᠣᠯᠳᠣᠭᠠᠨ ᠳᠤ ᠥᠪᠡᠷᠮᠢᠴᠡ ᠣᠨᠴᠠᠯᠢᠭ ᠲᠠᠢ ᠬᠦᠬᠦᠷ ᠤᠨ ᠳ᠋ᠠᠯᠢᠩ᠂ ᠠᠶᠠᠭᠠᠨ ᠭᠡᠷ᠂ ᠰᠠᠩ ᠤᠨ ᠤᠭᠤᠲᠠ᠂ ᠪᠣᠭᠴᠣ ᠵᠡᠷᠭᠡ ᠤᠯᠠᠮᠵᠢᠯᠠᠯᠲᠤ ᠵᠦᠢᠯ ᠪᠠ ᠰᠢᠨ᠎ᠡ ᠴᠠᠭ ᠦᠶ᠎ᠡ ᠶᠢᠨ ᠬᠡᠷᠡᠭᠯᠡᠭᠡᠨ ᠤ ᠵᠦᠢᠯ ᠤᠨ ᠣᠯᠠᠨ ᠳᠦᠷᠦᠯ ᠤᠨ ᠪᠦᠲᠦᠭᠡᠯ ᠣᠷᠣᠯᠴᠠᠵᠣ᠂ ᠬᠠᠳᠬᠤᠮᠠᠯᠴᠢᠳ ᠤᠨ ᠤᠷᠠᠨ ᠢ ᠭᠠᠶᠢᠬᠠᠭᠤᠯᠵᠤ ᠴᠢᠳᠠᠵᠠᠢ᠃ ᠣᠷᠣᠯᠳᠣᠭᠠᠨ ᠨᠢ ᠠᠯᠠᠱᠠ ᠠᠶᠢᠮᠠᠭ ᠤᠨ ᠬᠡᠪᠴᠢᠶᠡᠨ ᠳᠤ ᠶᠠᠪᠤᠭᠳᠠᠨ᠂ ᠠᠯᠠᠱᠠ ᠵᠡᠭᠦᠨ ᠬᠤᠰᠢᠭᠤᠨ ᠠᠴᠠ 20 ᠬᠠᠳᠬᠤᠮᠠᠯᠴᠢᠨ ᠤ ᠪᠦᠲᠦᠭᠡᠯ᠂ ᠠᠯᠠᠱᠠ ᠪᠠᠷᠠᠭᠤᠨ ᠬᠤᠰᠢᠭᠤᠨ ᠠᠴᠠ 26 ᠬᠠᠳᠬᠤᠮᠠᠯᠴᠢᠨ ᠤ ᠪᠦᠲᠦᠭᠡᠯ᠂ ᠡᠵᠡᠨ᠎ᠡ ᠬᠤᠰᠢᠭᠤᠨ ᠠᠴᠠ 15 ᠬᠠᠳᠬᠤᠮᠠᠯᠴᠢᠨ ᠤ ᠪᠦᠲᠦᠭᠡᠯ ᠣᠷᠣᠯᠴᠠᠵᠣ᠂ ᠣᠷᠣᠯᠳᠣᠭᠠᠨ ᠤ ᠡᠴᠦᠰ ᠲᠤ ᠠᠯᠠᠱᠠ ᠪᠠᠷᠠᠭᠤᠨ ᠬᠤᠰᠢᠭᠤᠨ ᠤ ᠪᠠᠳᠮᠠᠼᠣᠣ ᠶᠢᠨ ᠪᠦᠲᠦᠭᠡᠯ ᠲᠡᠷᠢᠭᠦᠨ ᠳᠡᠰ ᠲᠤ ᠲᠣᠳᠣᠷᠠᠨ᠂ ᠠᠯᠠᠱᠠ ᠪᠠᠷᠠᠭᠤᠨ ᠬᠤᠰᠢᠭᠤᠨ ᠤ ᠤᠷᠢᠬᠠᠨ᠂ ᠨᠠᠷᠠᠩᠭᠤᠸ᠎ᠠ ᠶᠢᠨ ᠪᠦᠲᠦᠭᠡᠯ ᠬᠤᠶᠠᠳᠤᠭᠠᠷ ᠳᠡᠰ ᠲᠤ ᠣᠷᠣᠵᠤ᠂ ᠡᠵᠡᠨ᠎ᠡ ᠬᠤᠰᠢᠭᠤᠨ ᠤ ᠣᠳᠣᠨ᠂ ᠠᠯᠠᠱᠠ ᠵᠡᠭᠦᠨ ᠬᠤᠰᠢᠭᠤᠨ ᠤ ᠤᠯᠠᠭᠠᠨᠲᠤᠶᠠᠭ᠎ᠠ᠂ ᠰᠡᠴᠡᠩᠭᠤᠸ᠎ᠠ ᠶᠢᠨ ᠪᠦᠲᠦᠭᠡᠯ ᠭᠤᠷᠪᠠᠳᠤᠭᠠᠷ ᠲᠤ ᠣᠷᠣᠪᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号