ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠬᠤ᠋ ᠹᠠᠩ ᠯᠢ ᠭᠦᠸᠧ ᠫᠢᠩ | | 2019 ᠣᠨ ᠤ 6 ᠰᠠᠷ᠎ᠠ ᠶᠢᠨ 2 ᠤᠨ ᠡᠳᠦᠷ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠥᠪᠥᠷ ᠮᠣᠩᠭᠤᠯ ᠳᠤ ︽ᠥᠪᠥᠷ ᠮᠣᠩᠭᠤᠯ ᠨᠡᠷᠡᠮᠵᠢᠳᠦ︾ | ᠲᠦᠷᠦᠯ ᠲᠡᠮᠳᠡᠭ ᠤᠨ ᠭᠡᠷᠡᠴᠢᠯᠡᠯ ᠥᠷᠨᠢᠭᠦᠯᠵᠦ᠂ ᠥᠪᠥᠷ ᠮᠣᠩᠭᠤᠯ ᠤᠨ ᠲᠥᠷᠥᠯ ᠲᠡᠮᠳᠡᠭᠲᠦ ᠶᠢ ᠴᠣᠭᠴᠠᠯᠠᠬᠤ ᠶᠢ | ᠵᠥᠪᠰᠢᠶᠡᠷᠡᠪᠡ᠃ | 5 ᠵᠢᠯ ᠤᠨ ᠬᠥᠭᠵᠢᠯᠲᠡ ᠪᠠᠷ ᠳᠠᠮᠵᠢᠨ᠂ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ | ᠨᠢᠭᠡᠨᠲᠡ ᠢᠯᠡ ᠲᠣᠳᠣ ᠥᠪᠥᠷ ᠮᠣᠩᠭᠤᠯ ᠤᠨ ᠣᠨᠴᠠᠯᠢᠭ ᠲᠠᠢ ᠣᠷᠣᠨ ᠪᠦᠰᠡ ᠶᠢᠨ ᠲᠦᠷᠦᠯ ᠲᠡᠮᠳᠡᠭ ᠪᠣᠯᠵᠤ᠂ | ᠨᠡᠶᠢᠭᠡᠮ ᠤᠨ ᠡᠯ᠎ᠡ ᠡᠲᠡᠭᠡᠳ ᠪᠣᠯᠣᠨ ᠬᠡᠷᠡᠭᠯᠡᠭᠴᠢᠳ ᠤᠨ ᠠᠩᠬᠠᠷᠤᠯ ᠢ ᠶᠡᠬᠡᠳᠡ ᠲᠠᠲᠠᠵᠤ᠂ ᠲᠡᠭᠦᠨ ᠤ ᠢᠯᠭᠠᠨ | ᠲᠠᠨᠢᠭᠳᠠᠬᠤ ᠬᠡᠮᠵᠢᠶ᠎ᠡ᠂ ᠨᠡᠷ᠎ᠡ ᠠᠯᠳᠠᠷᠴᠠ ᠪᠣᠯᠣᠨ ᠨᠥᠯᠥᠭᠡᠯᠡᠬᠦ ᠬᠦᠴᠦᠨ ᠨᠢ ᠲᠠᠰᠤᠷᠠᠯᠲᠠ ᠦᠭᠡᠢ ᠳᠡᠭᠡᠭᠰᠢᠯᠡᠵᠦ | ᠪᠤᠢ᠃ ᠣᠳᠣᠬᠠᠨ ᠪᠤᠯᠲᠠᠯ᠎ᠠ᠂ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠪᠠᠷᠢᠮᠵᠢᠶ᠎ᠠ ᠨᠢ 77 | ᠵᠦᠢᠯ ᠳᠤ ᠬᠦᠷᠴᠦ᠂ ᠦᠨᠡᠮᠯᠡᠯ ᠣᠯᠣᠭᠰᠠᠨ ᠠᠵᠤ ᠠᠬᠤᠶᠢᠯᠠᠯ 60᠂ ᠭᠡᠷᠡᠴᠢᠯᠡᠯ ᠣᠯᠣᠭᠰᠠᠨ ᠪᠦᠲᠦᠭᠡᠭᠳᠡᠬᠦᠨ | 601 ᠵᠦᠢᠯ ᠪᠠᠶᠢᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠶᠠᠭ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠢ ᠨᠠᠷᠡᠳᠤ ᠲᠦᠷᠦᠯ ᠲᠡᠮᠳᠡᠭ ᠪᠣᠯᠭᠠᠨ | ᠴᠣᠭᠴᠠᠯᠠᠬᠤ ᠡᠭᠦᠷᠭᠡ ᠬᠠᠷᠢᠭᠤᠴᠠᠯᠭ᠎ᠠ ᠶᠢ ᠡᠪᠦᠷᠯᠡᠨ ᠥᠪᠥᠷ ᠮᠣᠩᠭᠤᠯ ᠠᠴᠠ ᠪᠠᠨ ᠭᠠᠷᠴᠤ ᠳᠡᠯᠡᠬᠡᠢ ᠶᠢᠨ ᠵᠠᠬ᠎ᠠ | ᠲᠡᠶᠢᠰᠢ ᠤᠷᠤᠭᠰᠢᠯᠠᠨ᠎ᠠ | | ᠭᠡᠷᠡᠴᠢᠯᠡᠯ ᠢᠶᠠᠷ ᠴᠢᠨᠠᠷ ᠢ ᠪᠠᠲᠤᠯᠠᠨ᠎ᠠ | ︽ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ | ᠪᠦᠲᠦᠭᠡᠨ ᠪᠠᠶᠢᠭᠤᠯᠬᠤ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠬᠦᠰᠡᠯ | ᠨᠠᠶᠢᠳᠠᠯᠭ᠎ᠠ ᠪᠣᠯᠣᠨ᠎ᠠ᠃ ᠤᠯᠤᠰ ᠤᠨ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾ | ᠪᠣᠯᠤᠭᠰᠠᠨ ᠤ ᠬᠤᠪᠢ ᠳᠤ᠂ ᠥᠪᠥᠷ ᠮᠣᠩᠭᠤᠯ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ | ᠂ ᠬᠢᠩᠭᠠᠨ ᠠᠶᠢᠮᠠᠭ ᠤᠨ ᠲᠤᠲᠤᠷᠭ᠎ᠠ᠂ ᠤᠯᠠᠭᠠᠨᠬᠠᠳᠠ ᠶᠢᠨ ᠨᠠᠷᠢᠮᠤ᠂ ᠰᠢᠯᠢ ᠶᠢᠨ ᠭᠤᠣᠯ ᠤᠨ ᠬᠤᠨᠢᠨ ᠮᠢᠬ᠎ᠠ᠂ | ᠬᠥᠯᠥᠨ ᠪᠤᠶᠢᠷ ᠤᠨ ᠦᠬᠡᠷ ᠤᠨ ᠮᠢᠬ᠎ᠠ᠂ ᠶᠡᠭᠡ ᠬᠢᠩᠭᠠᠨ ᠳᠠᠪᠠᠭ᠎ᠠ ᠶᠢᠨ ᠬᠠᠷ᠎ᠠ ᠳᠡᠯᠳᠡᠦ᠂ ᠤᠯᠠᠭᠠᠨᠴᠠᠪ ᠤᠨ | ᠲᠥᠮᠥᠰᠥ ᠵᠡᠷᠭᠡ ᠨᠢᠭᠡ ᠪᠦᠯᠦᠭ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠭᠠᠷᠭᠠᠵᠤ᠂ ᠡᠭᠦᠨ ᠳᠤ᠂ ᠤᠭ ᠭᠠᠷᠤᠯᠲᠠ ᠶᠢᠨ ᠣᠷᠣᠨ ᠤ ᠬᠠᠮᠠᠭᠠᠯᠠᠯᠲᠠ ᠪᠠ ᠪᠣᠬᠢᠷᠳᠤᠯ ᠦᠭᠡᠢ᠂ | ᠣᠷᠭᠠᠨᠢᠭ ᠭᠡᠷᠡᠴᠢᠯᠡᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ 1800 ᠭᠠᠷᠤᠢ ᠵᠦᠢᠯ ᠪᠤᠶ᠃ | | ︽ᠪᠢᠳᠡ︿ᠥᠪᠥᠷ ᠮᠣᠩᠭᠤᠯ ᠨᠡᠷᠡᠮᠵᠢᠳᠦ﹀ ᠲᠦᠷᠦᠯ ᠲᠡᠮᠳᠡᠭ ᠤᠨ ᠭᠡᠷᠡᠴᠢᠯᠡᠯ ᠢ ᠥᠷᠨᠢᠭᠦᠯᠵᠦ᠂ | ᠣᠷᠣᠨ ᠪᠦᠰᠡ ᠶᠢᠨ ᠲᠥᠷᠥᠯ ᠲᠡᠮᠳᠡᠭᠲᠦ ᠪᠠᠷ ᠳᠠᠶᠢᠴᠢᠯᠠᠯᠲᠠ ᠪᠣᠯᠭᠠᠨ᠂ ᠠᠵᠤ ᠠᠬᠤᠶᠢᠯᠠᠯ ᠤᠨ ᠲᠥᠷᠥᠯ | ᠲᠡᠮᠳᠡᠭ ᠢᠶᠠᠷ ᠭᠤᠣᠯ ᠴᠣᠭᠴᠠ ᠪᠤᠯᠭᠠᠵᠤ᠂ ᠦᠢᠯᠡᠳᠬᠦᠨ ᠤ ᠲᠥᠷᠥᠯ ᠲᠡᠮᠳᠡᠭ ᠢᠶᠠᠷ ᠰᠠᠭᠤᠷᠢ ᠪᠣᠯᠭᠠᠨ᠂ ︿ᠥᠪᠥᠷ | ᠮᠣᠩᠭᠤᠯ ᠨᠡᠷᠡᠮᠵᠢᠳᠤ﹀ ᠲᠦᠷᠦᠯ ᠲᠡᠮᠳᠡᠭ ᠪᠣᠯᠤᠭᠰᠠᠨ ᠲᠠᠯ᠎ᠠ ᠨᠤᠲᠤᠭ ᠤᠨ ᠰᠢᠯᠢᠳᠡᠭ ᠦᠢᠯᠡᠳᠬᠦᠨ ᠢᠶᠠᠷ ᠪᠦᠭᠦ | ᠣᠷᠣᠨ ᠤ ᠣᠷᠣᠨ ᠪᠦᠰᠡ ᠶᠢᠨ ᠲᠥᠷᠥᠯ ᠲᠡᠮᠳᠡᠭ ᠢ ᠶᠡᠷᠦᠩᠬᠡᠶᠢᠯᠡᠨ ᠵᠢᠯᠣᠭᠤᠳᠤᠭᠤᠯᠵᠤ ᠪᠠᠶᠢᠭ᠎ᠠ ᠨᠢ ᠳᠠᠷᠤᠢ ᠨᠠᠩ | ᠶᠡᠭᠡ ᠨᠡᠶᠢᠳᠡ ᠳᠤ ᠢᠲᠡᠭᠡᠭᠦᠯᠬᠦ ᠬᠦᠴᠦᠨ ᠲᠠᠢ ᠲᠠᠪᠴᠠᠩ ᠢᠶᠠᠷ ᠲᠣᠰ ᠭᠠᠵᠠᠷ ᠤᠨ ᠲᠥᠷᠥᠯ ᠲᠡᠮᠳᠡᠭ ᠤᠨ ᠬᠥᠭᠵᠢᠨ | ᠮᠠᠨᠳᠤᠬᠤ ᠶᠢ ᠠᠬᠢᠭᠤᠯᠵᠤ ᠪᠠᠶᠢᠭ᠎ᠠ ᠶᠠᠪᠤᠳᠠᠯ ᠪᠣᠯᠣᠨ᠎ᠠ︾ ᠭᠡᠵᠦ ︽ᠥᠪᠥᠷ ᠮᠣᠩᠭᠤᠯ ᠨᠡᠷᠡᠮᠵᠢᠳᠦ︾ ᠲᠦᠷᠦᠯ | ᠲᠡᠮᠳᠡᠭ ᠤᠨ ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ᠪᠢᠯᠢᠭ ᠬᠡᠯᠡᠨ᠎ᠡ᠃ | ᠬᠡᠷᠡᠭᠯᠡᠭᠴᠢᠳ ᠲᠤ ︽ᠢᠲᠡᠭᠡᠮᠵᠢᠲᠦ︾ ᠭᠡᠷᠡᠴᠢᠯᠡᠯ ᠣᠯᠭᠤᠵᠤ᠂ ︽ᠥᠪᠥᠷ ᠮᠣᠩᠭᠤᠯ ᠨᠡᠷᠡᠮᠵᠢᠳᠤ︾ | ᠲᠦᠷᠦᠯ ᠲᠡᠮᠳᠡᠭ ᠤᠨ ᠭᠡᠷᠡᠴᠢᠯᠡᠯ ᠢᠶᠠᠷ ᠳᠠᠮᠵᠢᠨ ᠢᠲᠡᠭᠡᠮᠵᠢ ᠶᠢ ᠳᠠᠮᠵᠢᠭᠤᠯᠵᠤ᠂ ᠲᠥᠷᠥᠯ ᠲᠡᠮᠳᠡᠭ ᠤᠨ ᠦᠨ᠎ᠡ | ᠥᠷᠲᠡᠭ ᠢ ᠳᠠᠮᠵᠢᠭᠤᠯᠵᠤ᠂ ᠥᠪᠥᠷ ᠮᠣᠩᠭᠤᠯ ᠤᠨ ᠤᠭᠢ ᠰᠢᠯᠢᠳᠡᠭ ᠪᠦᠲᠦᠭᠡᠭᠳᠡᠬᠦᠨ ᠤ ᠦᠯᠢᠭᠡᠷ ᠳᠠᠭᠤᠷᠢᠶᠠᠯ ᠢ | ᠭᠠᠷᠭᠠᠵᠤ ᠪᠠᠶᠢᠳᠠᠭ᠃ | ᠣᠯᠠᠨ ᠤᠯᠤᠰ ᠲᠤ ᠨᠡᠶᠢᠳᠡᠮ ᠬᠡᠷᠡᠭᠯᠡᠭᠳᠡᠵᠦ ᠪᠠᠶᠢᠭ᠎ᠠ ᠭᠡᠷᠡᠴᠢᠯᠡᠯ ᠤᠨ ᠠᠷᠭ᠎ᠠ ᠪᠠᠷᠢᠯ ᠢᠶᠠᠷ ᠲᠥᠷᠥᠯ | ᠲᠡᠮᠳᠡᠭ ᠢ ᠴᠣᠭᠴᠠᠯᠠᠬᠤ ᠳᠤ ᠬᠡᠷᠡᠭᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ | ᠭᠡᠷᠡᠴᠢᠯᠡᠯ ᠤᠨ ︽ᠲᠠᠪᠤᠨ ᠶᠡᠭᠡ ᠰᠢᠰᠲ᠋ᠧᠮ︾᠂ ᠲᠤᠬᠠᠶᠢᠯᠠᠪᠠᠯ ᠪᠠᠷᠢᠮᠵᠢᠶ᠎ᠠ ᠶᠢᠨ ᠰᠢᠰᠲ᠋ᠧᠮ᠂ ᠭᠡᠷᠡᠴᠢᠯᠡᠯ ᠤᠨ | ᠰᠢᠰᠲ᠋ᠧᠮ᠂ ᠠᠵᠤ ᠦᠢᠯᠡᠰ ᠤᠨ ᠰᠢᠰᠲ᠋ᠧᠮ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠰᠢᠰᠲ᠋ᠧᠮ ᠪᠠ | ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠡᠭᠦᠳᠦᠨ ᠪᠠᠶᠢᠭᠤᠯᠪᠠ᠃ | ︽ᠣᠳᠣᠬᠠᠨ ᠪᠤᠯᠲᠠᠯ᠎ᠠ᠂ ᠨᠢᠭᠡᠨᠲᠡ ᠨᠡᠶᠢᠲᠡᠯᠡᠵᠦ ᠬᠡᠷᠡᠭᠵᠢᠭᠦᠯᠦᠭᠰᠡᠨ︿ᠥᠪᠥᠷ ᠮᠣᠩᠭᠤᠯ ᠨᠡᠷᠡᠮᠵᠢᠳᠦ﹀ | ᠲᠦᠷᠦᠯ ᠲᠡᠮᠳᠡᠭ ᠤᠨ ᠭᠡᠷᠡᠴᠢᠯᠡᠬᠦ ᠪᠠᠷᠢᠮᠵᠢᠶ᠎ᠠ ᠨᠢ ᠨᠡᠶᠢᠲᠡ 77 ᠵᠦᠢᠯ ᠪᠠᠶᠢᠵᠤ᠂ ᠬᠤᠨᠢᠨ ᠮᠢᠬ᠎ᠠ᠂ ᠦᠬᠡᠷ ᠤᠨ | ᠮᠢᠬ᠎ᠠ᠂ ᠦᠨᠢᠶᠡᠨ ᠰᠦ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ 40 ᠲᠥᠷᠥᠯ ᠤᠨ ᠥᠪᠥᠷ | ᠮᠣᠩᠭᠤᠯ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠬᠤᠯᠪᠣᠭᠳᠠᠨ᠂ ᠪᠦᠯᠭᠦᠮ ᠨᠡᠶᠢᠲᠡ ᠶᠢᠨ ᠪᠠᠷᠢᠮᠵᠢᠶ᠎ᠠ | ᠨᠢ ᠪᠤᠶ ᠪᠦᠬᠦᠢ ᠠᠶᠢᠮᠠᠭ ᠬᠤᠲᠠ ᠶᠢ ᠬᠠᠮᠤᠷᠴᠤ᠂ ᠪᠠᠷᠢᠮᠵᠢᠶ᠎ᠠ ᠶᠢ ᠬᠡᠷᠡᠭᠯᠡᠭᠰᠡᠨ ᠨᠣᠷᠮ᠎ᠠ 100% ᠳᠤ ᠬᠦᠷᠴᠡᠢ︾ | ᠭᠡᠵᠦ ᠪᠢᠯᠢᠭ ᠲᠠᠨᠢᠯᠴᠠᠭᠤᠯᠵᠠᠢ᠃ | | ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠳᠠᠭᠠᠭᠤᠯᠭ᠎ᠠ ᠳᠣᠣᠷ᠎ᠠ᠂ ᠣᠳᠣᠬᠠᠨ ᠳᠤ | ᠥᠪᠥᠷ ᠮᠣᠩᠭᠤᠯ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ 4127 | ᠪᠣᠶᠢᠵᠢᠭᠤᠯᠵᠤ᠂ ᠭᠠᠷᠤᠯᠲᠠ ᠨᠢ 1316.7 ᠲᠦᠮᠡᠨ ᠲᠣᠨ ᠳᠤ ᠬᠦᠷᠴᠦ᠂ ᠪᠦᠭᠦ ᠤᠯᠤᠰ ᠤᠨ ᠶᠢᠰᠦᠳᠦᠭᠡᠷ ᠲᠤ | ᠵᠢᠭᠰᠠᠭᠠᠭᠳᠠᠵᠤ ᠪᠠᠶᠢᠨ᠎ᠠ; ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 668 | ᠪᠣᠶᠢᠵᠢᠭᠤᠯᠵᠤ᠂ ᠪᠦᠭᠦ ᠤᠯᠤᠰ ᠲᠤ ᠲᠡᠷᠢᠭᠦᠯᠡᠵᠦ ᠪᠠᠶᠢᠳᠠᠭ; ᠬᠢᠩᠭᠠᠨ ᠠᠶᠢᠮᠠᠭ ᠤᠨ ᠲᠤᠲᠤᠷᠭ᠎ᠠ᠂ | ᠤᠯᠠᠭᠠᠨᠬᠠᠳᠠ ᠶᠢᠨ ᠨᠠᠷᠢᠮᠤ᠂ ᠪᠣᠷᠣᠳᠣᠬᠤᠢ ᠶᠢᠨ ᠪᠤᠭᠤᠳᠠᠢ ᠶᠢᠨ ᠭᠤᠯᠢᠷ ᠵᠡᠷᠭᠡ ︽ᠥᠪᠥᠷ ᠮᠣᠩᠭᠤᠯ ᠨᠡᠷᠡᠮᠵᠢᠳᠦ︾ | ᠲᠦᠷᠦᠯ ᠲᠡᠮᠳᠡᠭ ᠤᠨ ᠭᠡᠷᠡᠴᠢᠯᠡᠯ ᠲᠠᠢ ᠠᠵᠤ ᠠᠬᠤᠶᠢᠯᠠᠯ ᠤᠨ ᠲᠠᠷᠢᠮᠠᠯ ᠤᠨ ᠲᠠᠯᠠᠪᠠᠶ ᠨᠢ 100 ᠲᠦᠮᠡ ᠭᠠᠷᠤᠢ | ᠮᠦ ᠳᠤ ᠬᠦᠷᠴᠡᠢ᠃ ᠡᠭᠦᠨ ᠤ ᠬᠠᠮᠲᠤ᠂ ᠪᠠᠰᠠ ᠡᠬᠢᠨ ᠤ ᠪᠠ ᠡᠴᠦᠰ ᠤᠨ ᠬᠠᠮᠢᠶ᠎ᠠ ᠪᠦᠬᠦᠢ ᠠᠵᠤ ᠦᠢᠯᠡᠰ ᠤᠨ | ᠬᠡᠯᠬᠢᠶ᠎ᠡ ᠶᠢᠨ ᠪᠣᠬᠢᠷᠳᠤᠯ ᠦᠭᠡᠢ ᠬᠥᠭᠵᠢᠯᠲᠡ ᠶᠢ ᠳᠠᠶᠢᠴᠢᠯᠠᠵᠤ᠂ ︽ᠥᠪᠥᠷ ᠮᠣᠩᠭᠤᠯ ᠨᠡᠷᠡᠮᠵᠢᠳᠦ︾ ᠲᠦᠷᠦᠯ | ᠲᠡᠮᠳᠡᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠠᠬᠢᠭᠤᠯᠤᠨ ᠪᠦᠷᠢᠯᠳᠦᠭᠦᠯᠵᠦ᠂ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠥᠨᠳᠥᠷ ᠪᠠᠷᠢᠮᠵᠢᠶᠠᠲᠤ ᠬᠥᠭᠵᠢᠯᠲᠡ ᠶᠢᠨ ᠰᠠᠭᠤᠷᠢ ᠶᠢ ᠲᠠᠯᠪᠢᠪᠠ | ᠃ | ᠬᠢᠨᠠᠨ ᠪᠠᠶᠢᠴᠠᠭᠠᠯᠲᠠ ᠪᠠᠷ ᠶᠠᠰᠤ ᠴᠢᠨᠠᠷ ᠢ ᠴᠢᠩᠭᠠᠳᠬᠠᠨ᠎ᠠ | ︽ᠥᠪᠥᠷ ᠮᠣᠩᠭᠤᠯ ᠨᠡᠷᠡᠮᠵᠢᠳᠤ︾ ᠲᠦᠷᠦᠯ ᠲᠡᠮᠳᠡᠭ ᠨᠢ ᠣᠷᠣᠨ ᠪᠦᠰᠡ ᠶᠢᠨ ᠭᠡᠷᠡᠴᠢᠯᠡᠯ ᠤᠨ | ᠲᠦᠷᠦᠯ ᠲᠡᠮᠳᠡᠭ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠲᠠᠨᠢᠨ ᠮᠡᠳᠡᠷᠡᠬᠦᠢ ᠶᠢᠨ ᠬᠡᠮᠵᠢᠶ᠎ᠡ ᠪᠠ ᠨᠡᠷ᠎ᠡ | ᠠᠯᠳᠠᠷᠴᠠ ᠶᠢᠨ ᠬᠡᠮᠵᠢᠶ᠎ᠡ ᠶᠢ ᠲᠥᠯᠥᠭᠡᠯᠡᠵᠦ᠂ ᠨᠡᠪᠲᠡᠷᠡᠬᠦ ᠦᠨᠡᠮᠯᠡᠯ ᠪᠤᠯᠬᠤ ᠪᠥᠭᠡᠳ ᠨᠠᠩ ᠴᠦ ᠠᠮᠠᠯᠠᠯᠲᠠ ᠶᠢᠨ | ᠪᠢᠴᠢᠭ ᠪᠣᠯᠣᠨ᠎ᠠ᠃ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠢᠶᠠᠷ ᠭᠡᠷᠡᠴᠢᠯᠡᠭᠦᠯᠬᠦ ᠨᠢ ᠦᠢᠯᠡᠳᠬᠦᠨ | ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠠᠴᠠ ᠵᠠᠶᠢᠯᠠᠵᠤ ᠴᠢᠳᠠᠨ᠎ᠠ ᠭᠡᠰᠡᠨ ᠪᠤᠰᠤ᠂ ᠬᠠᠷᠢᠨ ᠡᠭᠦᠨ ᠤ | ᠡᠰᠡᠷᠭᠦ ᠪᠠᠷ᠂ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠨᠠᠭᠠᠬᠤ ᠳᠤ ᠭᠦᠷᠪᠡᠯ᠂ ᠪᠤᠰᠤᠳ | ᠦᠢᠯᠡᠳᠬᠦᠨ ᠠᠴᠠ ᠨᠠᠩ ᠴᠢᠩᠭ᠎ᠠ᠂ ᠨᠠᠩ ᠪᠦᠭᠦ ᠲᠠᠯ᠎ᠠ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠴᠢᠬᠤᠯᠠᠲᠠᠢ | ᠶᠤᠮ᠃ | ︽ᠮᠠᠨ ᠤ ᠺᠤᠮᠫᠠᠨᠢ ᠶᠢᠨ ᠪᠠᠷᠢᠮᠵᠢᠶ᠎ᠠ ᠪᠠ ᠶᠠᠰᠤ ᠴᠢᠨᠠᠷ ᠤᠨ ᠡᠵᠡᠮᠳᠡᠯ ᠮᠠᠰᠢ ᠴᠢᠩᠭ᠎ᠠ ᠶᠤᠮ᠂ ︿ | ᠥᠪᠥᠷ ᠮᠣᠩᠭᠤᠯ ᠨᠡᠷᠡᠮᠵᠢᠳᠦ﹀ ᠲᠦᠷᠦᠯ ᠲᠡᠮᠳᠡᠭ ᠤᠨ ᠭᠡᠷᠡᠴᠢᠯᠡᠯ ᠢ ᠣᠯᠣᠭᠰᠠᠨ ᠤ ᠳᠠᠷᠠᠭ᠎ᠠ᠂ ᠪᠢᠳᠡ ᠶᠠᠰᠤ ᠴᠢᠨᠠᠷ | ᠢ ᠨᠠᠩ ᠢᠯᠡᠭᠦᠦ ᠴᠢᠬᠤᠯᠠᠴᠢᠯᠠᠳᠠᠭ ᠪᠣᠯᠪᠠ᠃ ᠡᠭᠦᠯᠳᠡᠷ ᠰᠣᠩᠭᠤᠬᠤ᠂ ᠲᠡᠵᠢᠭᠡᠨ ᠦᠷᠡᠵᠢᠭᠦᠯᠬᠦ᠂ ᠳᠠᠭᠢᠭᠠᠳ | ᠡᠳ᠋ᠰᠢᠭᠦᠯᠬᠦ ᠭᠤᠭᠴᠤᠭ᠎ᠠ ᠭᠦᠷᠲᠡᠯ᠎ᠡ᠂ ᠪᠦᠭᠦᠨ ᠢ ︿ᠥᠪᠥᠷ ᠮᠣᠩᠭᠤᠯ ᠨᠡᠷᠡᠮᠵᠢᠳᠦ﹀ ᠲᠦᠷᠦᠯ ᠲᠡᠮᠳᠡᠭ ᠤᠨ ᠬᠠᠮᠢᠶ᠎ᠠ | ᠪᠦᠬᠦᠢ ᠪᠠᠷᠢᠮᠵᠢᠶ᠎ᠠ ᠶᠣᠰᠣᠭᠠᠷ ᠶᠠᠪᠤᠭᠳᠠᠭᠤᠯᠵᠤ᠂ ᠢᠯᠠᠩᠭᠤᠶ᠎ᠠ ᠡᠭᠦᠯᠳᠡᠷ ᠰᠣᠩᠭᠤᠬᠤ ᠳᠤ ᠪᠦᠭᠦᠨ ᠢ ᠰᠠᠨ ᠾᠧ | ᠦᠬᠡᠷ ᠢ ᠰᠣᠩᠭᠤᠵᠤ ᠪᠠᠶᠢᠨ᠎ᠠ︾ ᠭᠡᠵᠦ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠤᠨ | ᠲᠤᠬᠠᠢ ᠬᠥᠯᠥᠨ ᠪᠦᠢᠷ ᠬᠤᠲᠠ ᠶᠢᠨ ᠵᠥᠩ ᠷᠦᠩ ᠢᠳᠡᠭᠡᠨ ᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠦ᠋ ᠬᠠᠢ | ᠶᠠᠨ ᠶᠠᠷᠢᠯ᠎ᠠ᠃ | ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠪᠣᠯ ᠥᠪᠥᠷ ᠮᠣᠩᠭᠤᠯ ᠤᠨ ᠲᠦᠷᠦᠯ | ᠲᠡᠮᠳᠡᠭ ᠤᠨ ᠴᠤᠭᠯᠠᠷᠠᠯ ᠤᠨ ᠨᠢᠭᠡᠴᠢ ᠮᠥᠨ᠂ ᠡᠨᠡ ᠬᠦ ᠨᠢᠭᠡᠴᠢ ᠶᠢᠨ ᠳᠣᠲᠣᠷᠠᠬᠢ ᠦᠢᠯᠡᠳᠬᠦᠨ ᠨᠢᠭᠡᠪᠦᠷᠢ ᠨᠢ ᠴᠥᠮ | ᠶᠠᠰᠤ ᠴᠢᠨᠠᠷ ᠢᠶᠠᠷ ᠴᠢᠩᠭ᠎ᠠ᠂ ᠰᠢᠯᠢᠳᠡᠭ ᠰᠠᠶᠢᠨ ᠪᠠᠶᠢᠬᠤ ᠬᠡᠷᠡᠭᠲᠡᠢ᠃ ︽ᠥᠪᠥᠷ ᠮᠣᠩᠭᠤᠯ ᠨᠡᠷᠡᠮᠵᠢᠳᠦ︾ ᠲᠦᠷᠦᠯ | ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠨᠢᠭᠡᠪᠦᠷᠢ ᠴᠥᠮ ᠣᠯᠠᠨ ᠤᠳᠠᠭᠠᠨ ᠤ ᠴᠢᠩᠭ᠎ᠠ ᠬᠠᠲᠠᠭᠤ | ᠬᠢᠨᠠᠯᠲᠠ ᠪᠠᠶᠢᠴᠠᠭᠠᠯᠲᠠ ᠶᠢ ᠥᠩᠭᠡᠷᠡᠭᠦᠯᠦᠭᠰᠡᠨ ᠶᠤᠮ᠃ | ᠪᠣᠶᠢᠵᠢᠭᠤᠯᠬᠤ ᠲᠥᠯᠥᠪᠯᠡᠭᠡ᠂ ᠬᠠᠷᠠᠯᠲᠠ᠂ ᠠᠷᠭ᠎ᠠ ᠬᠡᠮᠵᠢᠶ᠎ᠡ ᠶᠢ ᠲᠣᠭᠲᠠᠭᠠᠬᠤ ᠠᠴᠠ ᠠᠪᠤᠭᠠᠳ᠂ | ᠠᠵᠤ ᠠᠬᠤᠶᠢᠯᠠᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠭᠦᠷᠲᠡᠯ᠎ᠡ᠂ ︽ᠥᠪᠥᠷ ᠮᠣᠩᠭᠤᠯ | ᠨᠡᠷᠡᠮᠵᠢᠳᠦ︾ ᠲᠦᠷᠦᠯ ᠲᠡᠮᠳᠡᠭ ᠤᠨ ᠪᠠᠷᠢᠮᠵᠢᠶᠠᠲᠤ ᠠᠵᠤ ᠠᠬᠤᠶᠢᠯᠠᠯ ᠢ ᠰᠢᠯᠭᠠᠷᠠᠭᠤᠯᠬᠤ ᠠᠵᠢᠯ ᠶᠡᠷᠦ ᠠᠴᠠ | ᠥᠨᠳᠥᠷ ᠪᠠᠷᠢᠮᠵᠢᠶ᠎ᠠ ᠲᠠᠢ ᠪᠠᠷ ᠶᠠᠪᠤᠭᠳᠠᠭᠰᠠᠭᠠᠷ ᠢᠷᠡᠵᠡᠶ᠃ ︽ᠨᠢᠭᠡ ᠪᠣᠯᠪᠠᠰᠤᠷᠠᠩᠭᠤᠢ ᠪᠣᠯᠪᠠᠯ ᠨᠢᠭᠡ ᠶᠢ | ᠭᠤᠶᠤᠴᠢᠯᠠᠨ ᠮᠡᠳᠡᠭᠦᠯᠵᠦ᠂ ᠨᠢᠭᠡ ᠶᠢ ᠭᠡᠷᠡᠴᠢᠯᠡᠬᠦ︾ ᠠᠷᠭ᠎ᠠ ᠮᠠᠶ᠋ᠢᠭ ᠢᠶᠠᠷ᠂ ᠭᠤᠶᠤᠴᠢᠯᠠᠨ ᠮᠡᠳᠡᠭᠦᠯᠬᠦ ᠪᠦᠭᠦ ᠠᠵᠤ | ᠠᠬᠤᠶᠢᠯᠠᠯ ᠴᠥᠮ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠢ ᠭᠡᠷᠡᠴᠢᠯᠡᠬᠦ ᠬᠤᠯᠪᠤᠭ᠎ᠠ ᠶᠢᠨ | ᠪᠦᠷᠢᠯᠳᠦᠭᠦᠨ ᠪᠠᠶᠢᠭᠤᠯᠤᠮᠵᠢ ᠶᠢᠨ ᠭᠡᠷᠡᠴᠢᠯᠡᠯ ᠬᠢᠨᠠᠯᠲᠠ ᠶᠢ ᠳᠠᠮᠵᠢᠨ᠂ ︽ᠥᠨᠳᠥᠷ ᠪᠠᠷᠢᠮᠵᠢᠶ᠎ᠠ + ᠴᠢᠩᠭ᠎ᠠ | ᠭᠡᠷᠡᠴᠢᠯᠡᠯ︾ ᠢ ᠥᠩᠭᠡᠷᠡᠭᠡᠮᠡᠨᠵᠢᠨ ᠰᠠᠶ᠋ᠢ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠤᠨ | ᠦᠨᠡᠮᠯᠡᠯ ᠢ ᠬᠦᠷᠲᠡᠵᠦ ᠪᠠᠶᠢᠳᠠᠭ᠃ | ︽ᠥᠪᠥᠷ ᠮᠣᠩᠭᠤᠯ ᠨᠡᠷᠡᠮᠵᠢᠳᠦ︾ ᠲᠥᠷᠥᠯ ᠲᠡᠮᠳᠡᠭ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ | ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠬᠥᠳᠡᠭᠡ | ᠠᠵᠤ ᠠᠬᠤᠢ ᠬᠥᠳᠡᠭᠡ ᠲᠣᠰᠬᠤᠨ ᠤ ᠶᠠᠮᠤᠨ ᠤ ᠢᠳᠡᠭᠡᠨ ᠪᠠ ᠰᠢᠮ᠎ᠡ ᠲᠡᠵᠢᠭᠡᠯ ᠤᠨ ᠬᠥᠭᠵᠢᠯᠲᠡ ᠶᠢᠨ | ᠰᠤᠳᠤᠯᠭᠠᠨ ᠤ ᠭᠠᠵᠠᠷ᠂ ᠪᠡᠭᠡᠵᠢᠩ ᠤᠨ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠲᠠᠢ ᠬᠠᠮᠲᠤᠷᠠᠯᠴᠠᠨ᠂ | ᠰᠢᠯᠢ ᠶᠢᠨ ᠭᠤᠣᠯ ᠤᠨ ᠬᠤᠨᠢᠨ ᠮᠢᠬ᠎ᠠ᠂ ᠬᠥᠯᠥᠨ ᠪᠤᠶᠢᠷ ᠤᠨ ᠬᠤᠨᠢᠨ ᠮᠢᠬ᠎ᠠ ᠵᠡᠷᠭᠡ 9 ᠵᠦᠢᠯ ᠤᠨ ᠵᠠᠩᠭᠢᠯᠠᠭ᠎ᠠ ᠶᠢᠨ | ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠰᠤᠳᠤᠯᠭᠠᠨ ᠤ ᠮᠡᠳᠡᠭᠦᠯᠦᠯᠲᠡ ᠶᠢ ᠪᠦᠷᠢᠯᠳᠦᠭᠦᠯᠵᠦ᠂ ᠲᠤᠭ᠎ᠠ | ᠪᠠᠷᠢᠮᠲᠠ ᠪᠠᠷ ᠳᠠᠮᠵᠢᠭᠤᠯᠤᠨ᠂ ᠦᠢᠯᠡᠳᠬᠦᠨ ᠤ ᠵᠥᠷᠢᠶ᠎ᠡ᠂ ᠣᠨᠴᠠᠯᠢᠭ ᠪᠠ ᠳᠠᠪᠠᠭᠤᠯᠢᠭ ᠢ ᠰᠢᠨᠵᠢᠯᠡᠬᠦ | ᠤᠬᠠᠭᠠᠨᠴᠢ ᠪᠠᠷ ᠳᠡᠯᠭᠡᠨ ᠦᠵᠡᠭᠦᠯᠵᠦ᠂ ᠦᠢᠯᠡᠳᠬᠦᠨ ᠤ ᠡᠵᠡᠮᠳᠡᠯ ᠢ ᠵᠢᠯᠣᠭᠤᠳᠪᠠ᠃ | | ᠲᠦᠷᠦᠯ ᠲᠡᠮᠳᠡᠭ ᠢᠶᠠᠷ ᠵᠠᠬ᠎ᠠ ᠳᠡᠯᠭᠡᠭᠦᠷ ᠲᠠᠢ ᠵᠤᠯᠭᠠᠯᠴᠠᠨᠠ | ︽ᠪᠣᠬᠢᠷᠳᠤᠯ ᠦᠭᠡᠢ ᠠᠮᠢ ᠠᠬᠤᠢ ᠶᠢᠨ ︿ᠥᠪᠥᠷ ᠮᠣᠩᠭᠤᠯ ᠨᠡᠷᠡᠮᠵᠢᠳᠦ﹀ ᠲᠦᠷᠦᠯ ᠲᠡᠮᠳᠡᠭ ᠢ | ᠰᠢᠯᠢᠳᠡᠭᠵᠢᠭᠦᠯᠦᠨ᠎ᠡ᠃ ︿ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ ᠮᠠᠯᠵᠢᠯ ᠤᠨ ᠲᠠᠯᠠᠪᠠᠢ᠂ ᠠᠮᠢ | ᠠᠬᠤᠢ ᠶᠢᠨ ᠥᠪᠥᠷ ᠮᠣᠩᠭᠤᠯ᠂ ᠪᠠᠶᠢᠭᠠᠯᠢᠯᠢᠭ ᠰᠠᠶᠢᠬᠠᠨ ᠠᠮᠲᠠᠲᠤ ᠢᠳᠡᠭᠡᠨ﹀ ᠢᠶᠠᠨ ᠠᠯᠳᠠᠷᠰᠢᠭᠤᠯᠤᠨ | ᠴᠤᠤᠷᠢᠶᠠᠲᠤᠭᠤᠯᠵᠤ᠂ ᠨᠡᠩ ᠤᠯᠠᠨ ᠨᠡᠷᠡᠳᠦ ᠲᠡᠮᠳᠡᠭ ᠢ ᠨᠡᠷ᠎ᠡ ᠴᠤᠤ ᠮᠠᠨᠳᠤᠭᠰᠠᠨ᠂ ᠤᠯᠠᠨ ᠤ ᠰᠡᠳᠬᠢᠯ ᠢ | ᠣᠯᠣᠭᠰᠠᠨ᠂ ᠤᠷᠳᠤ ᠤᠳᠠᠭᠠᠨ ᠬᠥᠭᠵᠢᠵᠦ ᠪᠣᠯᠬᠤᠶᠢᠴᠠ ᠪᠤᠯᠭᠠᠵᠤ᠂ ᠲᠡᠨᠢᠭᠡᠷ ᠶᠡᠭᠡ ᠲᠠᠯ᠎ᠠ ᠨᠤᠲᠤᠭ ᠤᠨ ᠢᠶᠠᠨ | ᠠᠩᠬᠢᠯᠤᠮ᠎ᠠ ᠰᠠᠶᠢᠬᠠᠨ ᠠᠮᠲᠠᠲᠤ ᠢᠳᠡᠭᠡᠨ ᠢᠶᠠᠨ ᠳᠠᠶᠠᠩ ᠳᠡᠯᠡᠬᠡᠢ ᠳᠤ ᠠᠯᠳᠠᠷᠰᠢᠭᠤᠯᠤᠨ ᠮᠠᠨᠳᠤᠭᠤᠯᠤᠨ᠎ᠠ︾ ᠭᠡᠵᠦ | ᠡᠨᠡ ᠵᠢᠯ ᠤᠨ ᠡᠬᠢᠨ ᠳᠤ᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠳᠤ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠬᠥᠭᠵᠢᠯᠲᠡ ᠶᠢᠨ ᠠᠷᠭ᠎ᠠ ᠵᠠᠮ ᠢ ᠳᠠᠬᠢᠨᠲᠠ | ᠲᠣᠳᠣᠷᠬᠠᠢ ᠵᠢᠭᠠᠵᠤ ᠭᠠᠷᠭᠠᠪᠠ᠃ | ᠲᠥᠷᠥᠯ ᠲᠡᠮᠳᠡᠭ ᠤᠨ ᠳᠠᠮᠵᠢᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠳᠤ ᠨᠠᠩ | ᠣᠯᠠᠨ ᠭᠠᠳᠠᠭᠰᠢ ᠭᠠᠷᠬᠤ ᠨᠥᠬᠦᠴᠡᠯ ᠢ ᠡᠭᠦᠳᠴᠦ ᠥᠭᠬᠦ ᠶᠢᠨ ᠲᠥᠯᠥᠭᠡ᠂ ᠥᠪᠥᠷ ᠮᠣᠩᠭᠤᠯ ᠰᠦᠯᠵᠢᠶ᠎ᠡ ᠪᠠ | ᠪᠣᠳᠠᠲᠤ ᠴᠣᠭᠴᠠ ᠶᠢ ᠨᠢᠭᠡ ᠴᠣᠭᠴᠠᠵᠢᠭᠤᠯᠤᠨ ᠤᠬᠠᠭᠤᠯᠬᠤ᠂ ᠳᠡᠯᠭᠡᠷᠡᠭᠦᠯᠬᠦ᠂ ᠡᠵᠡᠩᠨᠡᠨ ᠪᠣᠷᠣᠯᠠᠭᠤᠯᠬᠤ ᠵᠢᠭᠰᠠᠭᠠᠯ | ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠲᠥᠷᠥᠯ ᠲᠡᠮᠳᠡᠭ ᠤᠨ ᠳᠠᠮᠵᠢᠭᠤᠯᠭ᠎ᠠ ᠶᠢᠨ ᠬᠡᠮᠵᠢᠶ᠎ᠡ ᠤᠷᠢᠳ ᠭᠠᠷᠤᠭ᠎ᠠ | ᠦᠭᠡᠢ ᠦᠷ᠎ᠡ ᠪᠦᠲᠦᠮᠵᠢ ᠣᠯᠪᠠ᠃ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠢᠶᠠᠷ ᠭᠡᠷᠡᠴᠢᠯᠡᠭᠳᠡᠭᠰᠡᠨ | ᠰᠢᠯᠢ ᠶᠢᠨ ᠭᠤᠣᠯ ᠤᠨ ᠬᠤᠨᠢᠨ ᠮᠢᠬ᠎ᠠ᠂ ᠬᠥᠯᠥᠨ ᠪᠦᠷ ᠤᠨ ᠬᠤᠨᠢᠨ ᠮᠢᠬ᠎ᠠ᠂ ᠠᠷᠪᠠᠰ ᠤᠨ ᠢᠮᠠᠭᠠᠨ ᠮᠢᠬ᠎ᠠ ᠨᠢ | ᠲᠠᠯ᠎ᠠ ᠨᠤᠲᠤᠭ ᠤᠨ ᠬᠤᠨᠢᠨ ᠤ ᠨᠡᠷ᠎ᠡ ᠠᠯᠳᠠᠷᠴᠠ ᠪᠠᠷ ᠳᠡᠯᠡᠬᠡᠢ ᠳ᠋ᠠᠬᠢᠨ᠎ᠠ ᠠᠯᠳᠠᠷᠰᠢᠵᠠᠢ᠃ | ᠲᠦᠷᠦᠯ ᠲᠡᠮᠳᠡᠭ ᠪᠣᠯ ᠳᠠᠷᠤᠢ ᠢᠲᠡᠭᠡᠯ ᠮᠥᠨ᠂ ︽ᠥᠪᠥᠷ ᠮᠣᠩᠭᠤᠯ ᠨᠡᠷᠡᠮᠵᠢᠳᠦ︾ ᠲᠦᠷᠦᠯ | ᠲᠡᠮᠳᠡᠭ ᠪᠣᠯ ᠥᠪᠥᠷ ᠮᠣᠩᠭᠤᠯ ᠤᠨ ᠦᠢᠯᠡᠳᠬᠦᠨ ᠤ ᠵᠠᠬ᠎ᠠ ᠳᠡᠯᠭᠡᠭᠦᠷ ᠲᠤ ᠭᠠᠷᠬᠤ ᠨᠠᠷᠠᠳᠤ ᠲᠦᠷᠦᠯ ᠲᠡᠮᠳᠡᠭ | ᠪᠤᠯᠬᠤ ᠶᠤᠮ᠃ ᠥᠪᠥᠷ ᠮᠣᠩᠭᠤᠯ ᠤᠨ ᠴᠢᠨᠠᠷ ᠰᠠᠶᠢᠲᠠᠢ ᠦᠢᠯᠡᠳᠬᠦᠨ ᠤ ᠲᠥᠷᠥᠯ ᠲᠡᠮᠳᠡᠭ ᠤᠨ ᠦᠢᠯᠡᠳᠦᠯ ᠢ | ᠭᠦᠨᠵᠡᠭᠡᠢ ᠪᠠᠳᠠᠷᠠᠭᠤᠯᠬᠤ ᠶᠢ ᠳᠠᠭᠠᠯᠳᠤᠨ᠂ ︽ᠥᠪᠥᠷ ᠮᠣᠩᠭᠤᠯ ᠨᠡᠷᠡᠮᠵᠢᠳᠤ︾ ᠲᠦᠷᠦᠯ ᠲᠡᠮᠳᠡᠭᠲᠦ ᠦᠢᠯᠡᠳᠬᠦᠨ | ᠤ ᠦᠨ᠎ᠡ ᠬᠠᠩᠰᠢ ᠴᠦ ᠳᠡᠭᠡᠭᠰᠢᠯᠡᠪᠡ᠃ | ︽︿ᠥᠪᠥᠷ ᠮᠣᠩᠭᠤᠯ ᠨᠡᠷᠡᠮᠵᠢᠳᠦ﹀ ᠲᠦᠷᠦᠯ ᠲᠡᠮᠳᠡᠭ ᠤᠨ ᠭᠡᠷᠡᠴᠢᠯᠡᠯ ᠤᠨ ᠳᠠᠶᠢᠴᠢᠯᠠᠯᠲᠠ ᠪᠠᠷ | ᠳᠡᠮᠵᠢᠨ᠂ ᠠᠤᠬᠠᠨ ᠤ ᠨᠠᠷᠢᠮᠤ ᠶᠢᠨ ᠵᠢᠯ ᠤᠨ ᠦᠢᠯᠡᠳᠬᠦᠨ ᠤ ᠥᠷᠲᠡᠭ 18 ᠳ᠋ᠦᠩᠰᠢᠭᠤᠷ ᠲᠥᠭᠦᠷᠢᠭ ᠲᠤ ᠬᠦᠷᠴᠦ | ᠂ 10 ᠵᠢᠯ ᠤᠨ ᠡᠮᠦᠨᠡᠬᠢ ᠠᠴᠠ 200% ᠪᠠᠷ ᠨᠡᠮᠡᠭᠳᠡᠨ᠂ ᠲᠥᠷᠥᠯ ᠲᠡᠮᠳᠡᠭ ᠤᠨ ᠥᠷᠲᠡᠭ 113 ᠳ᠋ᠦᠩᠰᠢᠭᠤᠷ | ᠲᠥᠭᠦᠷᠢᠭ ᠲᠤ ᠬᠦᠷᠴᠡᠢ︾ ᠭᠡᠵᠦ ᠥᠪᠥᠷ ᠮᠣᠩᠭᠤᠯ ᠤᠨ ᠾᠧ ᠸᠧᠢ ᠭᠦᠢ ᠲᠠᠷᠢᠶᠠᠯᠠᠩ ᠤᠨ ᠬᠥᠭᠵᠢᠯᠲᠡ ᠶᠢᠨ | ︵ᠪᠦᠯᠦᠭᠯᠡᠯ︶ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠶᠠᠩ ᠱᠧᠩ ᠬᠡᠯᠡᠨ᠎ᠡ᠃ ᠲᠡᠷᠡ ᠪᠠᠰᠠ ︽ | ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠨᠢ ᠥᠪᠥᠷ ᠮᠣᠩᠭᠤᠯ ᠤᠨ ᠤᠭᠢ ᠰᠢᠯᠢᠳᠡᠭ ᠪᠦᠲᠦᠭᠡᠭᠳᠡᠬᠦᠨ ᠢ | ᠰᠠᠶᠢᠨ ᠬᠠᠩᠰᠢ ᠲᠠᠢ ᠪᠣᠯᠭᠠᠪᠠ ᠭᠡᠵᠦ ᠨᠥᠬᠦᠪᠦᠷᠢᠯᠡᠨ ᠬᠡᠯᠡᠯ᠎ᠡ᠃ | ︽ᠶᠡᠷᠦᠩᠬᠡᠢ ᠪᠣᠷᠤᠯᠠᠭᠤᠯᠭ᠎ᠠ ᠶᠢᠨ ᠬᠡᠮᠵᠢᠶ᠎ᠡ 3% -5% ᠪᠠᠷ ᠨᠡᠮᠡᠭᠳᠡᠵᠦ᠂ ᠵᠢᠱᠢᠯᠲᠡ ᠪᠠᠷ ᠡᠨᠡ | ᠵᠢᠯ ᠪᠦᠭᠦᠶᠢᠯᠡ ᠨᠣᠬᠠᠢ ᠶᠢᠨ ᠬᠤᠰᠢᠭᠤ ᠶᠢᠨ ᠰᠢᠷᠢᠰ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ 5 | ᠳ᠋ᠦᠩᠰᠢᠭᠤᠷ ᠭᠠᠷᠤᠢ ᠲᠥᠭᠦᠷᠢᠭ ᠲᠤ ᠬᠦᠷᠬᠦ ᠪᠣᠯᠣᠨ᠎ᠠ᠃ ᠮᠠᠨ ᠤ ᠣᠳᠣ ᠶᠢᠨ ᠲᠦᠷᠦᠯ ᠲᠡᠮᠳᠡᠭ ᠤᠨ ᠨᠥᠯᠥᠭᠡᠯᠡᠬᠦ | ᠬᠦᠴᠦᠨ ᠤᠯᠠᠮ ᠢᠶᠠᠷ ᠳᠡᠭᠡᠭᠰᠢᠯᠡᠵᠦ᠂ ᠬᠠᠮᠤᠭ ᠬᠤᠯᠠ ᠳᠠᠭᠠᠨ ᠠᠮᠧᠷᠢᠺᠠ ᠳᠤ ᠭᠠᠷᠴᠠᠢ︾ ᠭᠡᠵᠦ ︽ᠥᠪᠥᠷ | ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠦᠨᠡᠮᠯᠡᠯ ᠣᠯᠣᠭᠰᠠᠨ ᠠᠵᠤ ᠠᠬᠤᠶᠢᠯᠠᠯ ᠪᠣᠯᠤᠭᠰᠠᠨ ᠥᠪᠥᠷ | ᠮᠣᠩᠭᠤᠯ ᠤᠨ ᠮᠤᠨᠢ ᠠᠭᠤᠯᠠ ᠶᠢᠨ ᠰᠢᠯᠢᠳᠡᠭ ᠪᠤᠭᠤᠳᠠᠢ ᠢᠳᠡᠭᠡᠨ ᠤ ᠺᠤᠮᠫᠠᠨᠢ ᠶᠢᠨ ᠡᠵᠡᠩᠨᠡᠨ ᠪᠣᠷᠣᠯᠠᠭᠤᠯᠬᠤ | ᠶᠡᠷᠦᠩᠬᠡᠢ ᠬᠢᠨᠠᠭᠴᠢ ᠵᠢᠩ ᠸᠠᠨ ᠴᠦᠨ ᠢᠲᠡᠭᠡᠯ ᠳᠦᠭᠦᠷᠡᠩ ᠶᠠᠷᠢᠯ᠎ᠠ᠃ | ᠣᠳᠣᠬᠠᠨ ᠳᠤ᠂ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠨᠢ ᠶᠠᠭ | ᠨᠠᠷᠢᠯᠢᠭ ᠪᠤᠯᠪᠠᠰᠤᠷᠠᠭᠤᠯᠬᠤ ᠬᠦᠷᠢᠶ᠎ᠡ ᠪᠠ ᠦᠢᠯᠡᠴᠢᠯᠡᠭᠡᠨ ᠤ ᠬᠦᠷᠢᠶ᠎ᠡ ᠲᠡᠶᠢᠰᠢ ᠥᠷᠭᠡᠵᠢᠵᠦ᠂ ᠢᠷᠡᠭᠡᠳᠦᠢ ᠳᠤ ᠨᠠᠩ | ᠣᠯᠠᠨ ︽ᠥᠪᠥᠷ ᠮᠣᠩᠭᠤᠯ ᠨᠡᠷᠡᠮᠵᠢᠳᠦ︾ ᠲᠦᠷᠦᠯ ᠲᠡᠮᠳᠡᠭ ᠤᠨ ᠦᠢᠯᠡᠳᠬᠦᠨ ᠳᠡᠯᠡᠬᠡᠢ ᠶᠢᠨ ᠵᠠᠬ᠎ᠠ ᠳᠤ ᠭᠠᠷᠬᠤ | ᠪᠣᠯᠣᠨ᠎ᠠ᠃ | | | |