ᠨᠠᠷᠠᠨ᠎ᠠ᠂ ᠡᠷᠳᠡᠨᠢᠬᠦᠦ | | ᠲᠦᠪᠰᠢᠨᠵᠢᠷᠭᠠᠯ ᠪᠣᠯ ᠠᠯᠠᠱᠠ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ | ᠠᠯᠠᠱᠠ ᠠᠶᠢᠮᠠᠭ ᠤᠨ ᠠᠯᠳᠠᠨ ᠭᠤᠪᠢ ᠢᠩᠭᠡᠨ ᠰᠠᠭᠠᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ | ᠬᠤᠷᠰᠢᠶᠠᠵᠢᠯ ᠤᠨ ᠬᠡᠷᠡᠭ ᠡᠷᠭᠢᠯᠡᠭᠴᠢ ᠶᠤᠮ᠃ | 1980 ᠣᠨ ᠳᠤ᠂ ᠲᠦᠪᠰᠢᠨᠵᠢᠷᠭᠠᠯ ᠠᠯᠠᠱᠠ ᠵᠡᠭᠦᠨ ᠬᠤᠰᠢᠭᠤᠨ ᠤ ᠢᠩᠭᠡᠨ ᠰᠤᠮᠤᠨ ᠤ ᠮᠠᠯᠴᠢᠨ | ᠠᠶᠢᠯ ᠳᠤ ᠳᠦᠷᠦᠵᠡᠢ᠃ 18 ᠨᠠᠰᠤ ᠲᠠᠢ ᠳᠡᠷᠡ ᠵᠢᠯ ᠠᠪᠤ ᠨᠢ ᠨᠠᠰᠤ ᠪᠠᠷᠠᠭᠰᠠᠨ ᠠᠴᠠ ᠭᠡᠷ ᠲᠤᠨᠢ ᠭᠦᠳᠡᠯᠮᠣᠷᠢ | ᠬᠦᠴᠦ ᠳᠤᠲᠠᠭᠳᠠᠨ᠂ ᠨᠢᠯᠬ᠎ᠠ ᠪᠠᠭ᠎ᠠ ᠳᠡᠭᠦᠦ ᠪᠣᠯᠣᠨ ᠡᠪᠡᠳᠴᠢᠨ ᠡᠮᠭᠡᠭ ᠲᠤ ᠪᠠᠷᠢᠭᠳᠠᠭᠰᠠᠨ ᠡᠵᠢ ᠪᠠᠨ ᠠᠰᠠᠷᠠᠵᠤ | ᠬᠠᠷᠠᠭᠠᠯᠵᠠᠬᠤ ᠶᠢᠨ ᠡᠷᠬᠡ ᠪᠠᠷ ᠲᠡᠷᠡᠪᠡᠷ ᠠᠷᠤ ᠭᠡᠷ ᠲᠡᠭᠡᠨ ᠬᠤᠴᠣᠷᠴᠤ ᠮᠠᠯ ᠬᠠᠷᠢᠭᠤᠯᠤᠨ ᠭᠡᠷ ᠤᠨ ᠢᠶᠠᠨ ᠭᠤᠣᠯ | ᠲᠤᠯᠭᠠᠭᠤᠷᠢ ᠪᠣᠯᠵᠤ ᠶᠠᠪᠤᠵᠠᠢ᠃ | 2003 ᠣᠨ ᠳᠤ᠂ ᠠᠯᠠᠱᠠ ᠶᠠᠭ ᠰᠠᠶᠢᠬᠠᠨ ᠬᠠᠴᠢᠨ ᠴᠢᠯᠠᠭᠤᠨ ᠤ ᠠᠵᠤ ᠦᠢᠯᠡᠰ ᠢ ᠶᠡᠭᠡ ᠪᠠᠷ | ᠬᠥᠭᠵᠢᠭᠦᠯᠦᠨ᠂ ᠵᠠᠰᠠᠭ ᠤᠨ ᠣᠷᠳᠣᠨ ᠠᠴᠠ ᠬᠠᠴᠢᠨ ᠴᠢᠯᠠᠭᠤ ᠡᠵᠡᠩᠨᠡᠵᠦ ᠪᠠᠶᠢᠭ᠎ᠠ ᠬᠤᠳᠠᠯᠳᠤᠭᠠᠴᠢᠨ ᠳᠤ 8 | ᠲᠦᠮᠡᠨ ᠲᠥᠭᠦᠷᠢᠭ ᠤᠨ ᠵᠢᠭᠡᠯᠡᠯᠭᠡ ᠬᠠᠩᠭᠠᠵᠤ ᠪᠠᠶᠢᠵᠠᠢ᠃ ᠡᠨᠡ ᠬᠦ ᠵᠠᠪᠰᠢᠶᠠᠨ ᠢᠶᠠᠷ ᠲᠦᠪᠰᠢᠨᠵᠢᠷᠭᠠᠯ ᠬᠠᠴᠢᠨ | ᠴᠢᠯᠠᠭᠤ ᠪᠣᠷᠣᠯᠠᠭᠤᠯᠵᠤ ᠡᠬᠢᠯᠡᠨ᠂ ᠦᠨᠡᠨᠴᠢ ᠢᠲᠡᠭᠡᠮᠵᠢ ᠪᠠᠷ ᠠᠷᠠᠯᠵᠢᠶᠠᠯᠠᠬᠤ ᠶᠢ ᠪᠠᠷᠢᠮᠲᠠᠯᠠᠳᠠᠭ ᠢᠶᠠᠷ ᠳᠡᠮᠡᠢ ᠤᠳᠠᠯ | ᠦᠭᠡᠢ ᠠᠷᠠᠯᠵᠢᠶ᠎ᠠ ᠮᠠᠶᠢᠮᠠᠢ ᠨᠢ ᠥᠭᠡᠳᠡᠯᠡᠵᠦ ᠠᠰᠢᠭ ᠤᠷᠤᠯᠭ᠎ᠠ ᠨᠢ ᠨᠡᠮᠡᠭᠳᠡᠭᠰᠡᠨ ᠪᠠᠶᠢᠨ᠎ᠠ᠃ 2007 ᠣᠨ ᠳᠤ | ᠲᠦᠪᠰᠢᠨᠵᠢᠷᠭᠠᠯ ᠭᠡᠷ ᠨᠤᠲᠤᠭ ᠲᠠᠭᠠᠨ ᠬᠠᠷᠢᠭᠠᠳ ᠭᠠᠩ ᠬᠠᠭᠰᠠᠷᠠᠭᠠᠨ ᠠᠴᠠ ᠪᠣᠯᠵᠤ ᠮᠠᠯᠴᠢᠳ ᠤᠨ ᠠᠮᠢᠳᠤᠷᠠᠯ | ᠦᠢᠯᠡᠳᠪᠦᠷᠢᠯᠡᠯ ᠳᠠᠶᠢᠮᠣ ᠰᠠᠶᠢᠨ ᠪᠢᠰᠢ ᠪᠠᠶᠢᠭ᠎ᠠ ᠶᠢ ᠬᠠᠷᠠᠭᠠᠳ᠂ ᠮᠠᠯᠴᠢᠳ ᠢᠶᠠᠨ ᠳᠠᠭᠠᠭᠤᠯᠤᠨ ᠶᠠᠭᠤ ᠨᠢᠭᠡ ᠶᠢ | ᠬᠢᠬᠦ ᠶᠤᠮᠰᠠᠨ ᠭᠡᠵᠦ ᠪᠤᠳᠣᠬᠤ ᠪᠣᠯᠵᠠᠢ᠃ ᠢᠩᠭᠡᠨ ᠨᠤᠲᠤᠭ ᠤᠨ ᠮᠠᠯᠴᠢᠳ ᠮᠠᠯ ᠢᠶᠠᠨ ᠬᠠᠷᠢᠭᠤᠯᠬᠤ ᠴᠢᠯᠦᠭᠡ | ᠵᠠᠪ ᠢᠶᠠᠷ ᠢᠶᠠᠨ ᠬᠠᠴᠢᠨ ᠴᠢᠯᠠᠭᠤ ᠲᠡᠭᠦᠵᠦ ᠪᠣᠷᠣᠯᠠᠭᠤᠯᠵᠤ ᠪᠠᠶᠢᠭ᠎ᠠ ᠶᠢ ᠬᠠᠷᠠᠭᠰᠠᠨ ᠲᠦᠪᠰᠢᠨᠵᠢᠷᠭᠠᠯ ᠳᠣᠭᠢᠶᠠᠯ ᠢ | ᠵᠠᠪᠳᠤᠨ ᠥᠪᠡᠷ ᠤᠨ ᠢᠶᠠᠨ ᠬᠠᠴᠢᠨ ᠴᠢᠯᠠᠭᠤᠨ ᠤ ᠳᠡᠯᠭᠡᠭᠦᠷ ᠢᠶᠠᠨ ᠮᠠᠯᠴᠢᠳ ᠤᠨ ᠬᠠᠴᠢᠨ ᠴᠢᠯᠠᠭᠤ ᠪᠣᠷᠣᠯᠠᠭᠤᠯᠬᠤ | ᠨᠢᠭᠡᠨ ᠴᠡᠭ ᠪᠣᠯᠭᠠᠵᠠᠢ᠃ ︽ᠲᠡᠷᠡ ᠬᠡᠳᠦᠨ ᠵᠢᠯ ᠳᠤ ᠬᠠᠴᠢᠨ ᠴᠢᠯᠠᠭᠤᠨ ᠤ ᠠᠷᠠᠯᠵᠢᠶ᠎ᠠ ᠶᠠᠪᠤᠬᠤ ᠲᠤᠲᠤᠮ | ᠶᠡᠬᠡᠰᠦᠭᠰᠡᠨ ᠪᠤᠯᠪᠠᠴᠤ ᠢᠩᠭᠡᠨ ᠨᠤᠲᠤᠭ ᠤᠨ ᠬᠠᠴᠢᠨ ᠴᠢᠯᠠᠭᠤ ᠬᠠᠷᠢᠨ ᠤᠯᠠᠮ ᠢᠶᠠᠷ ᠬᠤᠪᠣᠷᠳᠠᠵᠠᠢ᠂ ᠮᠠᠯᠴᠢᠳ ᠢ | ᠬᠠᠪᠰᠣᠷᠣᠨ ᠪᠠᠶᠠᠵᠢᠯ ᠤᠨ ᠵᠠᠮ ᠢ ᠨᠡᠭᠡᠭᠡᠬᠦ ᠨᠢ ᠭᠤᠣᠯ ᠠᠰᠠᠭᠤᠳᠠᠯ ᠪᠣᠯᠵᠤ ᠪᠠᠶᠢᠭᠰᠠᠨ︾ ᠭᠡᠵᠦ ᠲᠦᠪᠰᠢᠨᠵᠢᠷᠭᠠᠯ | ᠶᠠᠷᠢᠨ᠎ᠠ᠃ | ᠢᠩᠭᠡᠨ ᠨᠤᠲᠤᠭ ᠨᠢ ᠲᠡᠮᠡᠭᠡ ᠮᠠᠯᠯᠠᠬᠤ ᠳᠤ ᠲᠣᠬᠢᠷᠠᠮᠵᠢᠲᠠᠢ᠂ ᠢᠩᠭᠡᠨ ᠰᠦ ᠶᠢᠨ ᠭᠠᠷᠤᠯᠲᠠ ᠶᠡᠭᠡ᠂ | ᠴᠢᠨᠠᠷ ᠨᠢ ᠰᠠᠶᠢᠨ ᠪᠠᠶᠢᠳᠠᠭ᠃ ᠭᠡᠪᠡᠴᠦ ᠡ᠊ᠡᠳᠡᠭᠢ ᠢᠩᠭᠡᠨ ᠰᠠᠭᠠᠯᠢ ᠶᠢ ᠭᠠᠳᠠᠭᠰᠢ ᠭᠠᠷᠭᠠᠬᠤ ᠳᠤ ᠬᠦᠴᠢᠷ᠂ ᠰᠢᠨ᠎ᠡ | ᠰᠣᠷᠭᠤᠭ ᠢᠶᠠᠷ ᠪᠠᠶᠢᠯᠭᠠᠬᠤ ᠨᠢ ᠬᠦᠴᠢᠷ ᠠᠰᠠᠭᠤᠳᠠᠯ ᠪᠣᠯᠵᠤ ᠮᠠᠯᠴᠢᠳ ᠢ ᠭᠠᠴᠢᠭᠳᠠᠭᠤᠯᠤᠭᠰᠠᠭᠠᠷ ᠢᠷᠡᠵᠠᠢ᠃ | 2015 ᠣᠨ ᠳᠤ᠂ ᠲᠦᠪᠰᠢᠨᠵᠢᠷᠭᠠᠯ ᠠᠯᠲᠠᠨ ᠭᠤᠪᠢ ᠢᠩᠭᠡᠨ ᠰᠠᠭᠠᠯᠢ ᠶᠢᠨ ᠲᠠᠷᠢᠶᠠᠯᠠᠩ ᠮᠠᠯ ᠠᠵᠤ ᠠᠬᠤᠢ ᠶᠢᠨ | ᠲᠤᠰᠬᠠᠢ ᠬᠤᠷᠰᠢᠶᠠᠵᠢᠯ ᠢ ᠪᠠᠶᠢᠭᠤᠯᠵᠤ᠂ ᠢᠩᠭᠡᠨ ᠰᠠᠭᠠᠯᠢ ᠪᠠᠷ ᠮᠠᠯᠴᠢᠳ ᠢ ᠳᠠᠭᠠᠭᠤᠯᠤᠨ ᠪᠠᠶᠠᠵᠢᠬᠤ ᠵᠠᠮ ᠢᠶᠠᠷ | ᠵᠠᠮᠨᠠᠭᠰᠠᠨ ᠪᠠᠶᠢᠨ᠎ᠠ᠃ 9 ᠵᠢᠯ ᠥᠩᠭᠡᠷᠡᠨ ᠣᠳᠣᠯ᠎ᠠ᠂ ᠳᠡᠷᠡ ᠬᠤᠷᠰᠢᠶᠠᠵᠢᠯ ᠳᠠᠭᠠᠨ ᠨᠡᠶᠢᠳᠡ 2300 ᠭᠠᠷᠤᠢ | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠤᠣᠯ ᠢᠩᠭᠡᠨ ᠤ ᠰᠦ᠂ ᠡᠭᠡᠳᠡᠭᠰᠡᠨ ᠰᠦ᠂ ᠢᠩᠭᠡᠨ ᠰᠦ ᠶᠢᠨ | ᠤᠮᠳᠠᠭᠠᠨ᠂ ᠢᠩᠭᠡᠨ ᠰᠦ ᠶᠢᠨ ᠰᠢᠬᠢᠷ᠂ ᠰᠠᠭᠠᠯᠢ ᠶᠢᠨ ᠠᠷᠢᠬᠢ᠂ ᠲᠡᠮᠡᠭᠡᠨ ᠤ ᠬᠠᠲᠠᠭᠠᠬᠰᠠᠨ ᠮᠢᠬ᠎ᠠ ᠵᠡᠷᠭᠡ ᠠᠯᠢ | ᠤᠯᠠᠨ ᠪᠦᠲᠦᠭᠡᠭᠳᠡᠬᠦᠨ ᠢ ᠬᠢᠳᠡᠭ᠃ ᠲᠦᠪᠰᠢᠨᠵᠢᠷᠭᠠᠯ ᠢᠩᠭᠡᠨ ᠨᠤᠲᠤᠭ ᠤᠨ ᠮᠠᠯᠴᠢᠳ ᠤᠨ ᠬᠦᠴᠢᠷ ᠢ | ᠰᠢᠢᠳᠪᠦᠷᠢᠯᠡᠨ ᠪᠠᠶᠠᠵᠢᠬᠤ ᠵᠠᠮ ᠳᠤᠨᠢ ᠣᠷᠣᠭᠤᠯᠵᠤ᠂ ᠵᠠᠭᠤ ᠭᠠᠷᠤᠢ ᠮᠠᠯᠴᠢᠨ ᠲᠡᠭᠦᠨ ᠤ ᠦᠢᠯᠡᠳᠪᠦᠷᠢ ᠲᠠᠢ | ᠬᠠᠮᠲᠤᠷᠠᠯᠴᠠᠨ ᠠᠵᠢᠯᠯᠠᠬᠤ ᠪᠣᠯᠵᠠᠢ᠃ | 2018 ᠣᠨ ᠳᠤ᠂ ᠲᠦᠪᠰᠢᠨᠵᠢᠷᠭᠠᠯ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠪᠠ᠃ | ᠲᠡᠷᠡ ᠮᠠᠯᠴᠢᠳ ᠢᠶᠠᠨ ᠳᠠᠭᠠᠭᠤᠯᠤᠨ ᠪᠠᠶᠠᠵᠢᠬᠤ ᠭᠠᠯ ᠬᠠᠯᠠᠭᠤᠨ ᠰᠡᠳᠬᠢᠯᠭᠡ ᠪᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠳᠡᠭᠡᠷ᠎ᠡ ᠠᠪᠴᠢᠷᠠᠵᠤ᠂ ᠤᠷᠢᠳ ᠬᠤᠵᠢᠳ ᠢᠩᠭᠡᠨ ᠰᠤᠮᠤ ᠶᠢᠨ | ᠴᠠᠷᠳᠠᠮᠠᠯ ᠵᠠᠮ ᠢ ᠳᠡᠪᠢᠰᠬᠦ᠂ ᠴᠠᠭᠢᠯᠭᠠᠨ ᠬᠦᠴᠦᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠰᠡᠷᠭᠦᠭᠡᠬᠦ᠂ | ᠰᠠᠭᠠᠯᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠵᠡᠷᠭᠡ ᠰᠠᠨᠠᠭᠤᠯᠭ᠎ᠠ ᠶᠢ ᠳᠤᠷᠠᠳᠴᠠᠢ᠃ ᠡᠭᠦᠨ ᠢᠶᠠᠷ | ᠪᠠᠷᠠᠬᠤ ᠦᠭᠡᠢ᠂ ᠲᠡᠷᠡᠪᠡᠷ ᠪᠠᠰᠠ ᠮᠠᠯᠴᠢᠳ ᠲᠤ ᠨᠠᠮ ᠤᠨ ᠳᠦᠷᠣ ᠶᠢᠨ ᠪᠣᠳᠣᠯᠭ᠎ᠠ ᠴᠢᠭᠯᠡᠯᠲᠡ ᠶᠢ ᠢᠳᠡᠪᠬᠢᠲᠡᠢ | ᠤᠬᠠᠭᠤᠯᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠦᠭᠡᠮᠡᠯᠵᠢᠭᠦᠯᠵᠡᠢ᠃ ︽ᠤᠳᠤ ᠲᠡᠮᠡᠭᠡ | ᠦᠬᠡᠷ ᠮᠠᠯᠯᠠᠬᠤ᠂ ᠴᠠᠭᠠᠨ ᠢᠳᠡᠭᠡ ᠪᠤᠯᠪᠠᠰᠤᠷᠠᠭᠤᠯᠬᠤ ᠳᠤ ᠵᠠᠰᠠᠭ ᠤᠨ ᠣᠷᠳᠣᠨ ᠤ ᠳᠡᠮᠵᠢᠯᠭᠡ ᠶᠢ ᠣᠯᠵᠤ ᠪᠠᠶᠢᠨ᠎ᠠ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠂ ᠨᠠᠮ ᠤᠨ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠵᠢᠭᠦᠯᠪᠡᠯ ᠮᠠᠯᠴᠢᠳ ᠯᠠᠪᠲᠠᠢ ᠪᠠᠶᠠᠵᠢᠵᠤ ᠲᠡᠶᠢᠯᠦᠨ᠎ᠡ︾ ᠭᠡᠵᠦ ᠤᠯᠤᠰ ᠤᠨ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢᠨ ᠲᠤᠬᠠᠢ ᠲᠦᠪᠰᠢᠨᠵᠢᠷᠭᠠᠯ ᠢᠲᠡᠭᠡᠯ ᠳᠦᠭᠦᠷᠡᠩ ᠪᠠᠶᠢᠯ᠎ᠠ᠃ | ᠨᠤᠲᠤᠭ ᠤᠨ ᠮᠠᠯᠴᠢᠳ ᠢᠶᠠᠨ ᠳᠠᠭᠠᠭᠤᠯᠤᠨ ᠪᠠᠶᠠᠵᠢᠨ ᠴᠢᠨᠡᠭᠡᠯᠢᠭᠵᠢᠵᠦ᠂ ᠡᠭᠦᠷᠭᠡ ᠲᠤᠰᠢᠶᠠᠯ ᠢᠶᠠᠨ | ᠢᠳᠡᠪᠬᠢᠲᠡᠢ ᠭᠦᠢᠴᠡᠳᠬᠡᠬᠦ ᠶᠢ ᠳᠠᠶᠢᠴᠢᠯᠠᠬᠤ ᠠᠴᠠ ᠭᠠᠳᠠᠨ᠎ᠠ᠂ ᠲᠦᠪᠰᠢᠨᠵᠢᠷᠭᠠᠯ ᠨᠤᠲᠤᠭ ᠤᠨ ᠢᠶᠠᠨ ᠠᠮᠢ | ᠠᠬᠤᠢ ᠶᠢᠨ ᠬᠠᠮᠠᠭᠠᠯᠠᠯᠲᠠ ᠶᠢ ᠲᠤᠶᠢᠯ ᠢᠶᠠᠷ ᠠᠩᠬᠠᠷᠴᠤ ᠪᠠᠶᠢᠯ᠎ᠠ᠃ ᠲᠡᠷᠡ ᠭᠠᠵᠠᠷ ᠰᠢᠷᠣᠢ ᠳᠠᠭᠠᠭᠠᠴᠢᠯᠠᠨ᠂ ᠮᠠᠰᠢᠨ | ᠮᠧᠬᠠᠨᠢᠭ ᠬᠤᠳᠠᠯᠳᠤᠨ ᠠᠪᠴᠤ᠂ ᠮᠠᠯᠴᠢᠳ ᠢᠶᠠᠨ ᠳᠠᠭᠠᠭᠤᠯᠤᠨ ᠡᠯᠡᠰᠦᠨ ᠬᠤᠳᠳᠤᠭ ᠭᠡᠬᠦ ᠭᠠᠵᠠᠷ ᠲᠤ 2 ᠲᠦᠮᠡᠨ | ᠮᠦ ᠵᠠᠭ ᠳᠠᠷᠢᠵᠤ᠂ ᠨᠤᠲᠤᠭ ᠤᠰᠤᠨ ᠤ ᠪᠠᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠳᠤ | ᠬᠤᠪᠢ ᠨᠡᠮᠡᠷᠢ ᠦᠵᠡᠭᠦᠯᠵᠦ ᠪᠠᠶᠢᠨ᠎ᠠ᠃ | ᠠᠯᠠᠱᠠ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ | |