| | ● ᠨᠠᠷᠠᠨ᠎ᠠ᠂ ᠡᠷᠳᠡᠨᠢᠬᠦᠦ | | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠬᠢᠯᠢ ᠶᠢᠨ ᠰᠦᠯᠵᠢᠶᠡᠨ ᠤ | ᠮᠡᠳᠡᠭᠡ ᠬᠤᠯᠪᠤᠭ᠎ᠠ ᠶᠢᠨ ᠪᠦᠷᠬᠦᠴᠡ ᠶᠢᠨ ᠢᠨᠵᠧᠨᠧᠷᠢᠩ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠢᠩᠭᠢᠭᠡᠳ | ᠥᠯᠵᠡᠢ ᠰᠤᠮᠤᠨ ᠳᠤ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ 4G/5G ᠶᠢᠨ ᠹᠢᠽᠢᠺ ᠤᠨ ᠰᠠᠭᠤᠷᠢ | ᠦᠷᠳᠡᠭᠡ ᠶᠢᠨ ᠲᠤᠭ᠎ᠠ 48 ᠪᠣᠯᠵᠤ᠂ 90% ᠶᠢᠨ ᠭᠠᠵᠠᠷ ᠣᠷᠣᠨ ᠪᠣᠯᠣᠨ 95% ᠶᠢᠨ ᠬᠥᠮᠥᠨ ᠠᠮᠠ | ᠰᠦᠯᠵᠢᠶᠡᠨ ᠤ ᠴᠢᠮᠡᠭᠡ ᠬᠤᠯᠪᠣᠭᠠᠨ ᠤ ᠳᠣᠬᠢᠶ᠎ᠠ ᠲᠠᠢ ᠪᠣᠯᠪᠠ᠃ | ᠰᠦᠯᠵᠢᠶ᠎ᠡ ᠨᠡᠪᠲᠡᠷᠡᠭᠰᠡᠨ ᠡᠳᠦᠷ᠂ ᠥᠯᠵᠡᠢ ᠰᠤᠮᠤ ᠶᠢᠨ ᠦᠨᠳᠦᠷᠮᠤᠳᠤ ᠭᠠᠴᠠᠭ᠎ᠠ ᠶᠢᠨ ᠮᠠᠯᠴᠢᠨ | ᠮᠦᠩᠭᠦᠬᠠᠭᠤᠯᠠ ᠠᠯᠤᠰ ᠬᠤᠯᠠ ᠶᠢᠨ ᠲᠦᠷᠦᠯ ᠰᠠᠳᠤᠨ ᠨᠠᠶᠢᠵᠠ ᠨᠥᠬᠦᠳ ᠲᠡᠭᠡᠨ ᠸᠢᠳᠢᠤ᠋ ᠶᠠᠪᠤᠭᠤᠯᠵᠠᠢ᠃ ᠲᠡᠷᠡ᠄ | ︽ᠮᠠᠰᠢ ᠰᠠᠶᠢᠨ ᠪᠣᠯᠣᠯ᠎ᠠ᠂ ᠮᠠᠨ ᠤ ᠬᠢᠯᠢ ᠬᠢᠵᠠᠭᠠᠷ ᠤᠨ ᠮᠠᠯᠵᠢᠬᠤ ᠣᠷᠣᠨ ᠳᠤ ᠴᠤ ᠸᠢᠳᠢᠤ᠋ ᠪᠠᠷ ᠵᠣᠭᠤᠭᠳᠠᠵᠤ | ᠳᠡᠶᠢᠯᠭᠦ ᠪᠣᠯᠪᠠ᠂ ᠭᠡᠷ ᠲᠤ ᠰᠦᠯᠵᠢᠶ᠎ᠡ ᠲᠠᠢ ᠪᠣᠯᠤᠭᠰᠠᠨ ᠠᠴᠠ ᠬᠡᠦᠬᠡᠳ ᠴᠦ ᠬᠠᠷᠢᠵᠤ ᠢᠷᠡᠬᠦ ᠳᠤᠷᠠᠲᠠᠢ ᠪᠣᠯᠵᠠᠢ᠂ | ᠳᠠᠷᠠᠭ᠎ᠠ ᠵᠢᠯ ᠪᠢ ᠮᠠᠯ ᠤᠰᠤᠯᠠᠬᠤ ᠣᠶᠤᠨᠴᠢ ᠲᠥᠬᠦᠭᠡᠷᠦᠮᠵᠢ ᠶᠢ ᠲᠤᠷᠰᠢᠵᠤ ᠪᠠᠶᠢᠭᠤᠯᠬᠤ ᠪᠠᠷ ᠪᠡᠯᠡᠳᠬᠡᠵᠦ ᠪᠠᠶᠢᠨ᠎ᠠ᠂ | ᠨᠥᠬᠦᠴᠡᠯ ᠲᠠᠢ ᠪᠣᠯ ᠲᠠᠭᠢᠭᠠᠳ ᠵᠢᠯᠣᠭᠤᠴᠢ ᠦᠭᠡᠢ ᠨᠢᠰᠬᠡᠯ ᠢᠶᠠᠷ ᠬᠤᠨᠢ ᠬᠠᠷᠢᠭᠤᠯᠬᠤ ᠶᠢ ᠴᠦ ᠰᠠᠨᠠᠬᠤ ᠪᠣᠯᠪᠠ︾ | ᠭᠡᠵᠦ ᠪᠠᠶᠠᠷᠲᠠᠢ ᠶᠠᠷᠢᠨ᠎ᠠ᠃ | ᠥᠯᠵᠡᠢ ᠰᠤᠮᠤ ᠠᠯᠠᠱᠠ ᠶᠢᠨ ᠬᠢᠯᠢ ᠬᠢᠵᠠᠭᠠᠷ ᠤᠨ ᠴᠢᠬᠤᠯᠠ ᠭᠠᠵᠠᠷ ᠲᠤ ᠪᠠᠶᠢᠷᠢᠯᠠᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠵᠢᠴᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠦᠨᠳᠦ ᠡᠭᠦᠷᠭᠡ ᠶᠢ ᠡᠭᠦᠷᠭᠡᠯᠡᠵᠦ | ᠪᠤᠢ᠃ ᠣᠷᠳᠣ ᠬᠤᠭᠤᠴᠠᠭᠠᠨ ᠤ ᠲᠤᠷᠰᠢ᠂ ᠭᠠᠵᠠᠷ ᠵᠦᠢ ᠶᠢᠨ ᠪᠠᠶᠢᠷᠢᠯᠠᠯ ᠨᠢ ᠪᠤᠶᠢᠳᠠ ᠪᠥᠭᠯᠡᠭᠦᠦ᠂ ᠪᠠᠶᠢᠭᠠᠯᠢ ᠶᠢᠨ | ᠨᠥᠬᠦᠴᠡᠯ ᠮᠠᠭᠤ᠂ ᠴᠢᠮᠡᠭᠡ ᠬᠤᠯᠪᠣᠭᠠᠨ ᠤ ᠳᠣᠬᠢᠶ᠎ᠠ ᠲᠣᠭᠲᠠᠪᠤᠷᠢ ᠦᠭᠡᠢ ᠠᠴᠠ ᠪᠣᠯᠵᠤ᠂ ᠲᠤᠬᠠᠢ ᠶᠢᠨ ᠭᠠᠵᠠᠷ ᠤᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠠᠷᠠᠳ ᠤᠨ ᠠᠮᠢᠳᠤᠷᠠᠯ ᠲᠤᠶᠢᠯ ᠤᠨ ᠳᠥᠭᠦᠮ ᠦᠭᠡᠢ | ᠨᠥᠬᠦᠴᠡᠯ ᠳᠤ ᠣᠷᠣᠰᠢᠵᠤ ᠪᠠᠶᠢᠪᠠ᠃ 2024 ᠣᠨ ᠳᠤ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 540 | ᠲᠦᠮᠡᠨ ᠲᠥᠭᠦᠷᠢᠭ ᠤᠨ ᠨᠥᠬᠦᠪᠦᠷᠢ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ | ᠮᠥᠩᠭᠦ︶ ᠶᠢ ᠭᠤᠶᠤᠴᠢᠯᠠᠵᠤ᠂ ᠬᠢᠯᠢ ᠶᠢᠨ ᠲᠣᠣᠷ ᠰᠦᠯᠵᠢᠶᠡᠨ ᠤ ᠴᠢᠮᠡᠭᠡ ᠬᠤᠯᠪᠤᠭ᠎ᠠ ᠶᠢᠨ ᠪᠦᠷᠬᠦᠴᠡ ᠶᠢᠨ | ᠢᠨᠵᠧᠨᠧᠷᠢᠩ ᠢ ᠲᠤᠰ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ | ᠣᠷᠣᠭᠤᠯᠵᠤ᠂ 20 ᠰᠠᠭᠤᠷᠢ ᠦᠷᠲᠡᠭᠡ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢ ᠪᠠᠶᠢᠭᠤᠯᠬᠤ ᠪᠠᠷ | ᠲᠣᠭᠲᠠᠭᠰᠠᠨ ᠪᠠᠶᠢᠪᠠ᠃ | ᠥᠪᠥᠷ ᠮᠣᠩᠭᠤᠯ ᠤᠨ ᠨᠡᠭᠦᠳᠡᠯ ᠬᠤᠯᠪᠣᠭᠠᠨ ᠤ ᠠᠯᠠᠱᠠ ᠶᠢᠨ ᠬᠤᠪᠢᠶᠠᠷᠢ ᠺᠤᠮᠫᠠᠨᠢ ᠶᠢᠨ ᠳᠡᠳ᠋ | ᠶᠡᠷᠦᠩᠬᠡᠢ ᠳᠠᠭᠠᠭᠠᠮᠠᠯ ᠴᠢᠩ ᠬᠠᠢ᠄ ︽ᠠᠵᠢᠯᠴᠢᠨ ᠪᠣᠯᠣᠨ ᠮᠡᠷᠭᠡᠵᠢᠯ ᠤᠨ ᠠᠵᠢᠯᠲᠠᠳ ᠬᠦᠴᠢᠷ ᠪᠡᠷᠬᠡᠰᠢᠶᠡᠯ ᠢ ᠢᠯᠠᠨ | ᠳᠠᠪᠠᠵᠤ᠂ 4 ᠰᠠᠷ᠎ᠠ ᠬᠠᠲᠠᠭᠤᠵᠢᠯᠲᠠᠢ ᠠᠵᠢᠯᠯᠠᠭᠠᠳ᠂ 20 ᠰᠠᠭᠤᠷᠢ ᠦᠷᠳᠡᠭᠡ ᠶᠢ ᠪᠠᠶᠢᠭᠤᠯᠵᠤ᠂ 135.07 | ᠺᠢᠯᠣᠮᠧᠲᠷ ᠭᠡᠷᠡᠯᠯᠢᠭ ᠤᠲᠠᠰᠤ ᠶᠢ ᠲᠠᠲᠠᠭᠰᠠᠨ ᠪᠠᠶᠢᠨ᠎ᠠ᠃ ᠺᠤᠮᠫᠠᠨᠢ ᠠᠴᠠ ᠪᠠᠰᠠ ᠬᠢᠯᠢ ᠶᠢᠨ ᠣᠷᠣᠨ ᠢ ᠰᠠᠬᠢᠨ | ᠬᠠᠮᠠᠭᠠᠯᠠᠵᠤ ᠪᠠᠶᠢᠭ᠎ᠠ ᠬᠡᠰᠡᠭ ᠮᠠᠯᠴᠢᠳ ᠲᠤ 5 ᠭᠠᠷ ᠤᠲᠠᠰᠤ᠂ 10 ᠳᠣᠬᠢᠶ᠎ᠠ ᠨᠡᠮᠡᠬᠦ ᠲᠥᠬᠦᠭᠡᠷᠦᠮᠵᠢ᠂ 20 | ᠰᠦᠯᠵᠢᠶᠡᠨ ᠤ ᠵᠢᠵᠢᠭ ᠰᠠᠭᠤᠷᠢ ᠦᠷᠳᠡᠭᠡ ᠬᠦᠷᠭᠡᠵᠦ᠂ ᠬᠢᠯᠢ ᠶᠢᠨ ᠮᠠᠯᠴᠢᠳ ᠲᠤ ᠰᠦᠯᠵᠢᠶᠡᠨ ᠤ ᠠᠮᠢᠳᠤᠷᠠᠯ ᠤᠨ | ᠲᠦᠭᠦᠮ ᠨᠥᠬᠦᠴᠡᠯ ᠢ ᠡᠳ᠋ᠯᠡᠭᠦᠯᠪᠡ︾ ᠭᠡᠵᠦ ᠲᠠᠨᠢᠯᠴᠠᠭᠤᠯᠪᠠ᠃ | ᠥᠯᠵᠡᠢ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠭᠠᠷᠤᠳᠢ᠄ ︽ᠥᠯᠵᠡᠢ ᠰᠤᠮᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ᠂ ︿ᠣᠶᠤᠨᠲᠤ ᠬᠢᠯᠢ﹀ ︿ᠲᠣᠭᠠᠴᠢᠯᠠᠭᠰᠠᠨ | ᠰᠤᠮᠤ﹀ ᠶᠢ ᠴᠢᠷᠮᠠᠶᠢᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ︾ ᠭᠡᠵᠦ ᠶᠠᠷᠢᠯ᠎ᠠ᠃ | | |