ᠨᠠᠷᠠᠨ᠎ᠠ᠂ ᠡᠷᠳᠡᠨᠢᠬᠦᠦ | | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ | ᠵᠠᠰᠠᠭ ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠲᠤᠰᠢᠶᠠᠯᠲᠠᠨ ᠤ ᠠᠵᠢᠯᠯᠠᠭ᠎ᠠ ᠥᠷᠨᠢᠭᠦᠯᠵᠦ᠂ ᠡᠯ᠎ᠡ ᠠᠵᠢᠯ | ᠲᠥᠷᠥᠯ ᠤᠨ 20 ᠭᠠᠷᠤᠢ ᠠᠵᠢᠯᠲᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ | ᠲᠤᠰᠢᠶᠠᠯᠲᠠᠨ ᠪᠣᠯᠵᠤ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠭᠢᠯᠡᠭᠦ | ᠲᠢᠩᠬᠢᠮ ᠳᠤ ᠬᠦᠷᠴᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠳᠤ ᠪᠦᠭᠦ ᠲᠠᠯ᠎ᠠ ᠶᠢᠨ ᠪᠠᠶᠢᠴᠠᠭᠠᠯᠲᠠ ᠬᠢᠵᠦ᠂ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠷᠭ᠎ᠠ ᠤᠬᠠᠭᠠᠨ ᠭᠠᠷᠭᠠᠵᠤ᠂ ᠠᠵᠤ ᠠᠬᠤᠶᠢᠯᠠᠯ | ᠪᠣᠯᠣᠨ ᠣᠯᠠᠨ ᠲᠦᠮᠡᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠠᠵᠢᠯ ᠳᠤ ᠣᠷᠤᠯᠴᠠᠬᠤ ᠬᠡᠮᠵᠢᠶ᠎ᠡ᠂ | ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠭᠢᠯᠡᠭᠦ ᠲᠢᠩᠬᠢᠮ ᠳᠤ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ ᠠᠴᠠ ᠲᠢᠩᠬᠢᠮ ᠤᠨ ᠣᠷᠣᠨ | ᠪᠦᠰᠡ ᠶᠢᠨ ᠴᠢᠳᠠᠪᠬᠢ ᠶᠢᠨ ᠪᠠᠶᠢᠷᠢᠰᠢᠭᠤᠯᠤᠯᠲᠠ᠂ ᠴᠣᠩᠬᠤᠪᠴᠢ ᠶᠢᠨ ᠠᠵᠢᠯᠯᠠᠭᠠᠨ ᠤ ᠶᠠᠪᠤᠴᠠ᠂ ᠲᠤᠬᠠᠶᠢᠯᠠᠭᠰᠠᠨ | ᠠᠵᠢᠯ ᠢ ᠭᠦᠢᠴᠡᠳᠬᠡᠬᠦ ᠶᠠᠪᠤᠴᠠ᠂ ᠵᠠᠰᠠᠭ ᠤᠨ ᠶᠠᠪᠤᠳᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠵᠡᠷᠭᠡ | ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠪᠠᠷᠢᠮᠵᠢᠶᠠᠵᠢᠭᠰᠠᠨ᠂ ᠵᠢᠷᠤᠮᠵᠢᠬᠰᠠᠨ᠂ ᠳᠥᠭᠦᠮᠴᠢᠯᠡᠭᠰᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠡᠷᠡᠭ ᠶᠠᠪᠤᠳᠠᠯ ᠢ | ᠭᠦᠢᠴᠡᠳᠬᠡᠬᠦ ᠶᠢ ᠪᠡᠶᠡᠴᠢᠯᠡᠨ ᠣᠶᠢᠯᠠᠭᠠᠬᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ᠂ | ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠯᠠᠪᠯᠠᠭ᠎ᠠ ᠵᠡᠷᠭᠡ ︽ᠨᠢᠭᠤᠷᠲᠠᠨ ᠬᠠᠨᠳᠤᠬᠤ︾ ᠭᠡᠯᠪᠡᠷᠢ ᠪᠠᠷ | ᠳᠠᠮᠵᠢᠭᠤᠯᠤᠨ᠂ ᠴᠣᠩᠬᠤᠪᠴᠢ ᠶᠢᠨ ᠠᠵᠢᠯ ᠤᠨ ᠰᠤᠷᠲᠠᠯ ᠬᠢᠭᠡᠳ ᠦᠢᠯᠡᠴᠢᠯᠡᠭᠡᠨ ᠤ ᠶᠠᠰᠤ ᠴᠢᠨᠠᠷ ᠵᠢᠴᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠪᠦᠭᠦ ᠲᠠᠯ᠎ᠠ ᠪᠠᠷ᠂ ᠪᠦᠭᠦ ᠶᠠᠪᠤᠴᠠ ᠪᠠᠷ ᠪᠡᠶᠡᠴᠢᠯᠡᠨ ᠣᠶᠢᠯᠠᠭᠠᠵᠠᠢ᠃ ︽ | ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠥᠨᠳᠥᠷ᠂ | ᠡᠵᠡᠩᠨᠡᠯᠲᠡ ᠶᠢᠨ ᠣᠷᠴᠢᠨ ᠲᠣᠭᠤᠷᠢᠨ ᠮᠡᠳᠡᠭᠳᠡᠮ᠎ᠡ ᠰᠠᠶᠢᠨ ᠪᠠᠶᠢᠨ᠎ᠠ᠂ ᠠᠵᠢᠯᠲᠠᠳ ᠠᠴᠠ ᠨᠠᠳᠠ ᠳᠤ ᠠᠵᠤ | ᠠᠬᠤᠶᠢᠯᠠᠯ ᠤᠨ ᠦᠢᠯᠡᠰ ᠪᠣᠰᠬᠠᠬᠤ ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ | ᠲᠠᠨᠢᠯᠴᠠᠭᠤᠯᠤᠭᠰᠠᠨ ᠠᠴᠠ ᠪᠢ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠭ᠎ᠠ ᠰᠠᠭ᠎ᠠ | ᠰᠡᠩᠬᠡᠷᠡᠭᠦᠯᠦᠯ ᠥᠭᠴᠡᠢ︾ ᠭᠡᠵᠦ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠲᠥᠯᠥᠭᠡᠯᠡᠭᠴᠢ ᠽᠧᠦ ᠹᠠᠩ | ᠢᠦᠢ ᠶᠠᠷᠢᠯ᠎ᠠ᠃ | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠦᠢᠯᠡᠴᠢᠯᠡᠭᠡ ᠶᠢ ᠤᠯᠠᠮ ᠨᠢᠭᠡ ᠠᠯᠬᠤᠮ | ᠴᠢᠩᠭᠠᠳᠬᠠᠵᠤ᠂ ︽ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢᠨ ᠶᠠᠷᠢᠯᠴᠠᠬᠤ ᠬᠤᠷᠠᠯ︾ ︽ᠠᠵᠤ | ᠠᠬᠤᠶᠢᠯᠠᠯ ᠤᠨ ᠵᠣᠴᠢᠳ ᠤᠨ ᠲᠢᠩᠬᠢᠮ︾ ︽ᠲᠡᠮᠡᠭᠡᠲᠦ ᠵᠠᠰᠠᠭ ᠤᠨ ᠶᠠᠪᠤᠳᠠᠯ︾ ᠤᠨ ᠰᠢᠭᠤᠳ ᠨᠡᠪᠲᠡᠷᠡᠭᠦᠯᠭᠡ ᠶᠢᠨ | ᠲᠠᠰᠤᠯᠭ᠎ᠠ ᠶᠢ ᠭᠠᠷᠭᠠᠵᠤ᠂ ︽ᠠᠵᠤ ᠠᠬᠤᠶᠢᠯᠠᠯ ᠤᠨ ᠲᠤᠰᠬᠠᠢ ᠣᠷᠣᠨ︾ ᠢ ᠪᠠᠶᠢᠭᠤᠯᠵᠤ᠂ ︽ᠠᠯᠪᠠᠨ ᠵᠢᠷᠤᠮ ᠤᠨ | ᠬᠢᠨᠠᠯᠲᠠ ᠲᠠᠯᠪᠢᠭᠴᠢ︾ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ︾ | ᠢ ᠤᠷᠢᠨ ᠲᠣᠮᠢᠯᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠤᠯᠠᠨ ᠵᠠᠮ ᠢ ᠨᠡᠪᠲᠡᠷᠡᠭᠦᠯᠦᠨ᠂ | ᠬᠤᠶᠠᠷ ᠲᠥᠯᠥᠭᠡᠯᠡᠭᠴᠢ ᠨᠢᠭᠡ ᠭᠡᠰᠢᠭᠦᠨ᠂ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ᠤᠨ ᠺᠠᠳ᠋ᠷ᠂ ᠠᠵᠤ | ᠠᠬᠤᠶᠢᠯᠠᠯ ᠤᠨ ᠲᠥᠯᠥᠭᠡᠯᠡᠭᠴᠢ᠂ ᠤᠯᠠᠨ ᠲᠦᠮᠡᠨ ᠤ ᠲᠥᠯᠥᠭᠡᠯᠡᠭᠴᠢ ᠵᠡᠷᠭᠡ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠤᠷᠢᠵᠤ᠂ ︽ᠬᠡᠷᠡᠭ ᠡᠷᠭᠢᠯᠡᠭᠴᠢ︾᠂ ︽ᠬᠡᠷᠡᠭ ᠵᠥᠪᠯᠡᠭᠴᠢ︾᠂ ︽ᠮᠠᠳᠠᠭ ᠲᠠᠢ | ᠠᠰᠠᠭᠤᠳᠠᠯ ᠢ ᠬᠠᠷᠢᠭᠤᠯᠤᠭᠴᠢ︾ ᠶᠢᠨ ᠬᠤᠪᠢ ᠪᠠᠷ ᠴᠣᠩᠬᠤᠪᠴᠢ ᠡᠩᠨᠡᠭᠡᠨ ᠤ ᠪᠠᠶᠢᠭᠤᠯᠤᠯᠲᠠ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠶᠢ ᠡᠷᠢᠵᠦ ᠭᠠᠷᠭᠠᠵᠠᠢ᠃ ᠡᠭᠦᠨ ᠤ ᠳᠠᠭᠠᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢᠨ | ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂ | ᠵᠠᠰᠠᠭ ᠠᠵᠤ ᠠᠬᠤᠶᠢᠯᠠᠯ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ | ᠴᠢᠩᠭᠠᠳᠬᠠᠨ᠂ ᠠᠵᠤ ᠠᠬᠤᠶᠢᠯᠠᠯ ᠤᠨ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ | ᠲᠥᠷᠥᠭᠳᠡᠯ ᠪᠠ ᠬᠦᠰᠡᠯ ᠱᠠᠭᠠᠷᠳᠠᠯᠭ᠎ᠠ ᠶᠢ ᠪᠦᠭᠦ ᠲᠠᠯ᠎ᠠ ᠪᠠᠷ ᠣᠶᠢᠯᠠᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠪᠦᠭᠦ | ᠲᠠᠯ᠎ᠠ ᠪᠠᠷ ᠰᠢᠯᠢᠳᠡᠭᠵᠢᠭᠦᠯᠪᠡ᠃ | ︽ᠡᠵᠡᠩᠨᠡᠯᠲᠡ ᠶᠢᠨ ᠣᠷᠴᠢᠨ ᠨᠥᠬᠦᠴᠡᠯ ᠪᠣᠯ ᠣᠷᠣᠨ ᠪᠦᠰᠡ ᠶᠢᠨ ᠥᠷᠢᠰᠦᠯᠳᠦᠭᠡᠨ ᠤ ᠴᠢᠬᠤᠯᠠ | ᠬᠦᠴᠦᠨ ᠮᠥᠨ᠂ ᠪᠠᠰᠠ ᠴᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠬᠦᠴᠦᠷᠬᠡᠭ ᠲᠤᠯᠭᠠᠭᠤᠷᠢ ᠶᠤᠮ᠂ ᠪᠢᠳᠡ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠨᠡᠪᠲᠡᠷᠡᠯᠴᠡᠬᠦ | ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠣᠩᠬᠤᠪᠴᠢ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ | ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠭᠦ ᠪᠣᠯᠣᠨ᠎ᠠ︾ ᠭᠡᠵᠦ | ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ ᠭᠦᠸᠧ ᠯᠠᠨ ᠶᠠᠷᠢᠯ᠎ᠠ᠃ | | |