| ● ᠰᠡᠴᠡᠨ᠂ ᠡᠷᠳᠡᠨᠢᠬᠦᠦ | | ᠣᠶᠢᠷ᠎ᠠ ᠳᠤ᠂ ᠥᠪᠥᠷ ᠮᠣᠩᠭᠤᠯ ᠤᠨ ᠭᠡᠷ ᠤᠨ ᠬᠥᠮᠦᠵᠢᠯ ᠤᠨ ᠰᠤᠳᠤᠯᠭᠠᠨ ᠤ ᠬᠤᠷᠠᠯ ᠤᠨ | ᠮᠣᠩᠭᠤᠯ ᠦᠨᠳᠦᠰᠦᠲᠡᠨ ᠤ ᠤᠯᠠᠮᠵᠢᠯᠠᠯᠲᠤ ᠭᠡᠷ ᠤᠨ ᠬᠥᠮᠦᠵᠢᠯ ᠤᠨ ᠬᠤᠪᠢᠶᠠᠷᠢ ᠨᠡᠶᠢᠭᠡᠮᠯᠢᠭ ᠤᠨ ᠭᠡᠰᠢᠭᠦᠨ᠂ | ᠬᠤᠶᠠᠷᠬᠤᠳᠳᠤᠭ ᠤᠨ ᠬᠥᠳᠡᠭᠡ ᠶᠢᠨ ᠰᠤᠷᠭᠠᠭᠤᠯᠢ ᠶᠢᠨ ᠬᠥᠭᠵᠢᠯᠲᠦ ᠪᠠᠭᠰᠢ ᠶᠢᠨ ᠭᠡᠷ ᠪᠦᠯᠢ ᠳᠠᠭᠠᠭᠠᠴᠢᠯᠠᠨ | ᠡᠷᠭᠢᠯᠡᠭᠰᠡᠨ ︽ᠥᠩ ᠥᠷᠭᠡᠨ ᠠᠯᠠᠱᠠ -2024︾ ᠬᠤᠶᠠᠳᠠᠭᠢ ᠤᠳᠠᠭᠠᠨ ᠤ ᠲᠤᠮᠳᠠᠳᠤ ᠶᠢᠨ ᠤᠯᠠᠮᠵᠢᠯᠠᠯᠲᠤ | ᠭᠡᠷ ᠤᠨ ᠬᠥᠮᠦᠵᠢᠯ ᠢ ᠰᠤᠷᠲᠠᠯᠴᠢᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠤᠯᠠᠨ | ᠲᠦᠮᠡᠨᠴᠢ ᠰᠣᠶᠣᠯ ᠤᠷᠠᠯᠢᠭ ᠤᠨ ᠠᠵᠢᠯᠯᠠᠭ᠎ᠠ ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ | ᠠᠷᠠᠳ ᠤᠨ ᠵᠢᠱᠢᠶ᠎ᠡ ᠦᠵᠡᠭᠦᠯᠭᠦ ᠣᠷᠣᠨ ᠤ ᠵᠢᠷᠭᠠᠯᠰᠠᠶᠢᠬᠠᠨ ᠪᠠᠯᠭᠠᠰᠤᠨ ᠤ ᠤᠯᠠᠭᠠᠨᠬᠤᠳᠳᠤᠭ ᠭᠠᠴᠠᠭᠠᠨ ᠤ | ᠲᠤᠩᠮᠤᠳ · ᠱᠠᠯᠴᠢᠭᠠᠷ ᠤᠨ ᠮᠠᠯᠵᠢᠯ ᠤᠨ ᠲᠠᠯᠠᠪᠠᠢ ᠳᠤ ᠦᠪᠡᠳᠡᠭᠰᠢ ᠰᠠᠶᠢᠬᠠᠨ ᠶᠠᠪᠤᠭᠳᠠᠯ᠎ᠠ᠃ | ᠡᠷᠲᠡ ᠶᠢᠨ 7 ᠴᠠᠭ ᠲᠤ᠂ ᠵᠥᠭᠡᠯᠡᠨ ᠰᠢᠪᠡᠷᠡᠬᠦ ᠪᠣᠷᠣᠭᠠᠨ ᠤ ᠳᠤᠮᠳᠠ ᠬᠤᠯᠠ ᠣᠶᠢᠷ᠎ᠠ ᠶᠢᠨ ᠵᠣᠴᠢᠨ | ᠨᠠᠶᠢᠷ ᠤᠨ ᠭᠠᠵᠠᠷ ᠲᠤ ᠴᠤᠭᠯᠠᠷᠠᠯ᠎ᠠ᠃ ᠭᠡᠷ ᠪᠦᠯᠢ ᠶᠢᠨ ᠰᠤᠷᠭᠠᠨ ᠬᠥᠮᠦᠵᠢᠯ ᠢᠶᠠᠷ ᠭᠤᠣᠯᠯᠠᠭᠰᠠᠨ ᠠᠵᠢᠯᠯᠠᠭ᠎ᠠ | ᠪᠣᠯᠬᠤᠷ ᠬᠡᠦᠬᠡᠳ ᠪᠠᠭᠠᠴᠤᠳ ᠤᠯᠠᠨ ᠢᠷᠡᠵᠡᠢ᠃ ᠬᠠᠶᠢᠳᠠᠭ ᠢᠮᠠᠭ᠎ᠠ ᠪᠠᠨ ᠰᠠᠭᠠᠵᠤ᠂ ᠬᠤᠷᠠᠭ᠎ᠠ ᠲᠤᠭᠤᠯ ᠲᠠᠳᠠᠨ᠂ | ᠳᠡᠭᠡᠰᠦ ᠲᠠᠮᠤᠬᠤ ᠨᠢ ᠮᠠᠯᠵᠢᠬᠤ ᠣᠷᠣᠨ ᠳᠤ ᠥᠰᠴᠦ ᠲᠣᠷᠨᠢᠭᠰᠠᠨ ᠬᠡᠦᠬᠡᠳ ᠤᠨ ᠪᠠᠭ᠎ᠠ ᠠᠴᠠ ᠪᠠᠨ ᠬᠢᠭᠰᠡᠭᠡᠷ | ᠢᠷᠡᠭᠰᠡᠨ ᠠᠵᠢᠯ ᠪᠤᠯᠪᠠᠴᠦ᠂ ᠨᠡᠶᠢᠭᠡᠮ ᠤᠨ ᠬᠥᠭᠵᠢᠯᠲᠡ ᠠᠴᠠ ᠪᠣᠯᠵᠤ ᠡᠳᠡᠭᠡᠷ ᠠᠷᠰᠠᠷ ᠠᠵᠢᠯ ᠬᠢᠳᠡᠯ ᠨᠢ | ᠬᠥᠮᠥᠰ ᠤᠨ ᠠᠮᠢᠳᠤᠷᠠᠯ ᠠᠴᠠ ᠬᠤᠯᠠᠳᠴᠤ᠂ ᠢᠯᠠᠩᠭᠤᠶ᠎ᠠ ᠵᠠᠷᠢᠮ ᠬᠡᠦᠬᠡᠳ ᠲᠤ ᠠᠪᠴᠤ ᠬᠡᠯᠡᠪᠡᠯ ᠦᠵᠡᠵᠦ | ᠥᠩᠭᠡᠷᠡᠭᠡ ᠦᠭᠡᠢ ᠵᠦᠢᠯ ᠪᠣᠯᠤᠭᠰᠠᠨ ᠪᠠᠶᠢᠯ᠎ᠠ᠃ ᠡᠶᠢᠮᠦ ᠶᠢᠨ ᠲᠤᠯᠠ ᠲᠤᠰ ᠤᠳᠠᠭᠠᠨ ᠤ ᠭᠡᠷ ᠪᠦᠯᠢ ᠶᠢᠨ | ᠬᠥᠮᠦᠵᠢᠯ ᠤᠨ ᠠᠵᠢᠯᠯᠠᠭ᠎ᠠ ᠳᠤ ᠲᠤᠰᠬᠠᠶᠢᠯᠠᠨ ᠭᠦᠳᠡᠯᠮᠦᠷᠢ ᠦᠢᠯᠡᠳᠦᠯᠭᠡ ᠶᠢᠨ ᠠᠵᠢᠯᠯᠠᠭ᠎ᠠ ᠲᠣᠬᠢᠷᠠᠭᠤᠯᠤᠭᠰᠠᠨ ᠶᠤᠮ | ᠃ ᠨᠠᠭᠠᠳᠤᠮ ᠨᠢ ᠰᠤᠨᠤᠮ᠎ᠠ ᠨᠢᠭᠡ ᠡᠳᠦᠷ ᠶᠠᠪᠤᠭᠳᠠᠨ᠂ ᠬᠤᠷᠳᠤᠨ ᠮᠣᠷᠢᠨ ᠤ ᠤᠷᠤᠯᠳᠤᠭᠠᠨ ᠳᠤ ᠪᠠᠷᠠᠭᠤᠨ ᠪᠡᠯ | ᠪᠠᠯᠭᠠᠰᠤᠨ ᠤ ᠪᠠᠶᠠᠨᠴᠣᠭᠲᠤ ᠭᠠᠴᠠᠭᠠᠨ ᠤ ᠦ᠋ ᠭᠤᠸᠠᠩ ᠹᠦ᠋ ᠲᠡᠷᠢᠭᠦᠯᠡᠵᠦ᠂ ᠮᠣᠷᠢᠨ ᠨᠠᠮᠨᠠᠭ᠎ᠠ ᠶᠢᠨ ᠤᠷᠤᠯᠳᠤᠭᠠᠨ ᠳᠤ | ᠣᠨᠳᠣᠷᠣᠯᠲᠤ ᠪᠠᠯᠭᠠᠰᠤᠨ ᠤ ᠨᠠᠷᠠᠰᠤ ᠲᠡᠷᠢᠭᠦᠯᠡᠪᠡ᠃ ᠬᠡᠦᠬᠡᠳ ᠤᠨ ᠱᠠᠯᠪᠤᠷ ᠪᠦᠭᠡ ᠶᠢᠨ ᠪᠠᠷᠢᠯᠳᠤᠭᠠᠨ ᠳᠤ | ᠬᠤᠶᠠᠷᠬᠤᠳᠳᠤᠭ ᠤᠨ ᠬᠥᠳᠡᠭᠡ ᠶᠢᠨ ᠰᠤᠷᠭᠠᠭᠤᠯᠢ ᠶᠢᠨ ᠶᠢᠰᠦᠳᠦᠭᠡᠷ ᠣᠨ ᠤ ᠰᠤᠷᠤᠬᠴᠢ ᠤᠬᠠᠭᠠᠨ ᠡᠷᠡᠭᠲᠡᠢ ᠶᠢᠨ | ᠲᠡᠷᠢᠭᠦᠨ᠂ ᠵᠢᠷᠭᠤᠳᠤᠭᠠᠷ ᠣᠨ ᠤ ᠰᠤᠷᠤᠬᠴᠢ ᠦᠨᠳᠦᠰᠦ ᠡᠮᠡᠭᠲᠡᠢ ᠪᠦᠭᠡ ᠶᠢᠨ ᠲᠡᠷᠢᠭᠦᠨ ᠰᠢᠪᠳᠤᠷᠪᠠ᠃ ᠡᠯᠡᠰᠦ | ᠮᠠᠴᠤᠬᠤ ᠤᠷᠤᠯᠳᠤᠭᠠᠨ ᠳᠤ ᠮᠥᠨ ᠤᠬᠠᠭᠠᠨ ᠲᠡᠷᠢᠭᠦᠯᠡᠵᠡᠢ᠃ ᠭᠦᠳᠡᠯᠮᠦᠷᠢ ᠶᠢᠨ ᠤᠷ᠎ᠠ ᠮᠡᠷᠭᠡᠵᠢᠯ ᠤᠨ | ᠤᠷᠤᠯᠳᠤᠭᠠᠨ ᠳᠤ ᠢᠮᠠᠭ᠎ᠠ ᠰᠠᠭᠠᠭᠰᠠᠨ ᠬᠤᠪᠢ ᠪᠠ ᠳᠡᠭᠡᠰᠦ ᠲᠣᠮᠣᠭᠰᠠᠨ ᠬᠤᠪᠢ ᠶᠢ ᠨᠡᠶᠢᠯᠡᠭᠦᠯᠵᠦ ᠪᠤᠳᠤᠭᠠᠳ | ᠬᠤᠶᠠᠷᠬᠤᠳᠳᠤᠭ ᠤᠨ ᠬᠥᠳᠡᠭᠡ ᠶᠢᠨ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠬᠴᠢ ᠪᠠᠶᠠᠰ ᠲᠡᠷᠢᠭᠦᠯᠡᠭᠰᠡᠨ | ᠪᠠᠶᠢᠨ᠎ᠠ᠃ | ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠠᠬᠤᠢ ᠠᠮᠢᠳᠤᠷᠠᠯ ᠤᠨ ᠪᠠᠶᠢᠳᠠᠯ ᠬᠢᠭᠡᠳ ᠨᠡᠭᠦᠳᠡᠯ | ᠮᠠᠯᠵᠢᠬᠤ ᠰᠣᠶᠣᠯ ᠢ ᠬᠠᠷᠠᠭᠤᠯᠤᠭᠰᠠᠨ ᠰᠢᠩᠭᠡᠭᠡᠯᠲᠡ ᠶᠢᠨ ᠪᠦᠲᠦᠭᠡᠯ ᠢ ᠡᠯᠰᠡᠵᠦ ᠰᠢᠯᠭᠠᠷᠠᠭᠤᠯᠬᠤ ᠠᠵᠢᠯᠯᠠᠭ᠎ᠠ ᠳᠤ | ᠰᠢᠯᠢᠳᠡᠭ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠢ ᠪᠤᠢ ᠪᠤᠯᠭᠠᠬᠰᠠᠨ ᠭᠡᠷ ᠤᠨ ᠬᠥᠮᠦᠵᠢᠯ ᠤᠨ ᠵᠠᠩ | ᠦᠢᠯᠡ᠂ ᠡᠬᠡ ᠪᠠᠶᠢᠭᠠᠯᠢ ᠲᠠᠢ ᠵᠣᠬᠢᠴᠠᠨ ᠠᠮᠢᠳᠤᠷᠠᠬᠤ ᠨᠡᠭᠦᠳᠡᠯ ᠮᠠᠯᠵᠢᠬᠤ ᠰᠣᠶᠣᠯ ᠤᠨ ᠤᠴᠢᠷ ᠶᠣᠰᠣᠨ᠂ ᠲᠠᠪᠤᠨ | ᠬᠤᠰᠢᠭᠤ ᠮᠠᠯ ᠤᠨ ᠠᠷᠠᠴᠢᠯᠠᠭ᠎ᠠ ᠳᠣᠳᠤᠮᠳᠠᠯᠭ᠎ᠠ ᠶᠢᠨ ᠠᠷᠭ᠎ᠠ ᠵᠦᠢ᠂ ᠮᠠᠯᠴᠢᠨ ᠬᠥᠮᠥᠨ ᠤ ᠮᠠᠯ ᠤᠨᠤᠭ᠎ᠠ ᠪᠠᠨ | ᠡᠳ᠋ᠯᠡᠵᠦ ᠰᠤᠷᠭᠠᠬᠤ ᠤᠷ᠎ᠠ ᠲᠠᠮ᠂ ᠮᠠᠯ ᠤᠨᠤᠭᠠᠨ ᠤ ᠡᠳ᠋ᠯᠡᠯ ᠬᠡᠷᠡᠭᠰᠡᠯ ᠬᠢᠬᠦ ᠮᠡᠷᠭᠡᠵᠢᠯ᠂ ᠴᠠᠭᠠᠨ ᠤᠯᠠᠭᠠᠨ | ᠢᠳᠡᠭᠡᠨ ᠤ ᠥᠪᠡᠷᠮᠢᠴᠡ ᠬᠢᠬᠦ ᠠᠷᠭ᠎ᠠ ᠪᠠᠷᠢᠯ ᠵᠡᠷᠭᠡ ᠠᠭᠤᠯᠭ᠎ᠠ ᠪᠦᠬᠦᠢ 30 ᠭᠠᠷᠤᠢ ᠪᠦᠲᠦᠭᠡᠯ ᠡᠯᠰᠡᠵᠦ᠂ | ᠰᠢᠯᠭᠠᠷᠠᠭᠤᠯᠤᠯᠲᠠ ᠪᠠᠷ ᠲᠠᠮᠵᠢᠨ ᠠᠯᠠᠱᠠ ᠪᠠᠷᠠᠭᠤᠨ ᠬᠤᠰᠢᠭᠤᠨ ᠤ ᠥᠯᠵᠡᠶᠢᠪᠠᠭᠠᠲᠤᠷ ᠡᠷᠢᠭᠵᠢᠮᠠ ᠬᠤᠶᠠᠭᠤᠯᠠ ᠶᠢᠨ | ︽ᠲᠡᠮᠡᠭᠡᠨ ᠰᠣᠶᠣᠯ ᠤᠨ ᠤᠯᠠᠮᠵᠢᠯᠠᠯ︾ ᠪᠦᠲᠦᠭᠡᠯ ᠨᠢ ᠲᠡᠷᠢᠭᠦᠨ ᠱᠠᠩ ᠲᠤᠰᠴᠡᠢ᠃ | |