| | ● ᠸᠧᠢ ᠴᠢᠶᠠᠩ | ᠣᠶᠢᠷ᠎ᠠ ᠳᠤ᠂ ᠬᠠᠷᠠᠭ᠎ᠠ ᠠᠯᠳᠠᠭᠰᠠᠨ ᠸᠠᠨ ᠹᠧᠩ ᠶᠢᠩ ᠤᠨ ᠬᠦᠷᠢᠶ᠎ᠡ ᠪᠣᠯᠣᠨ ᠭᠡᠷ ᠪᠠᠶᠢᠰᠢᠩ ᠢ | ᠥᠭᠡᠷᠡᠴᠢᠯᠡᠬᠦ ᠪᠠᠷ ᠳᠡᠮᠵᠢᠨ᠂ ᠲᠡᠭᠦᠨ ᠤ ᠠᠮᠢᠳᠤᠷᠠᠯ ᠮᠠᠰᠢ ᠲᠥᠭᠦᠮ ᠲᠠᠭᠠᠯᠠᠮᠵᠢᠲᠠᠢ ᠪᠣᠯᠵᠠᠢ᠃ ᠳᠡᠷᠡ᠄ ︽ᠪᠢ | ᠶᠠᠭᠤᠮ᠎ᠠ ᠣᠯᠵᠤ ᠦᠵᠡᠬᠦ ᠦᠭᠡᠢ ᠲᠤᠯᠠ ᠠᠮᠢᠳᠤᠷᠠᠯ ᠮᠢᠨᠢ ᠳᠤᠩ ᠳᠥᠭᠦᠮ ᠦᠭᠡᠢ ᠪᠠᠶᠢᠯ᠎ᠠ᠂ ᠭᠡᠷ ᠤᠨ ᠣᠷᠴᠢᠨ | ᠠᠬᠤᠢ ᠶᠢᠨ ᠲᠥᠬᠦᠭᠡᠷᠦᠮᠵᠢ ᠶᠢ ᠥᠭᠡᠷᠡᠴᠢᠯᠡᠭᠰᠡᠨ ᠤ ᠳᠠᠷᠠᠭ᠎ᠠ᠂ ᠤᠳᠤ ᠶᠠᠭᠤ ᠬᠢᠬᠦ ᠳᠤ ᠴᠦ ᠳᠥᠭᠦᠮ ᠪᠣᠯᠣᠯ᠎ᠠ︾ | ᠭᠡᠵᠦ ᠪᠠᠶᠠᠷᠯᠠᠨ ᠶᠠᠷᠢᠨ᠎ᠠ᠃ | ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠤ ᠤᠯᠠᠭᠠᠨᠲᠣᠯᠤᠭᠠᠢ ᠭᠠᠴᠠᠭᠠᠨ ᠤ | ᠬᠠᠷᠠᠭ᠎ᠠ ᠠᠯᠳᠠᠭᠰᠠᠨ55 ᠨᠠᠰᠤᠲᠠᠢ ᠵᠡᠮᠳᠡᠭ ᠮᠠᠯᠴᠢᠨ ᠸᠠᠨ ᠹᠧᠩ ᠶᠢᠩ ᠤᠨ ᠭᠡᠷ ᠤᠨ ᠬᠦᠷᠢᠶ᠎ᠡ ᠨᠢ ᠲᠡᠭᠰᠢ ᠦᠭᠡᠢ | ᠲᠤᠯᠠ᠂ ᠡᠳᠦᠷ ᠲᠤᠳᠤᠮ ᠤᠨ ᠠᠮᠢᠳᠤᠷᠠᠯ ᠳᠤᠨᠢ ᠮᠠᠰᠢ ᠶᠡᠭᠡ ᠬᠦᠴᠢᠷᠳᠡᠯ ᠤᠴᠠᠷᠠᠭᠤᠯᠵᠤ ᠪᠠᠶᠢᠵᠠᠢ᠃ ᠠᠶᠢᠮᠠᠭ᠂ | ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠶᠢᠨ ᠬᠢᠨ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ | ᠬᠦᠷᠢᠶ᠎ᠡ ᠬᠠᠰᠢᠶ᠎ᠠ ᠶᠢ ᠨᠢ ᠥᠭᠡᠷᠡᠴᠢᠯᠡᠬᠦ ᠲᠥᠰᠥᠯ ᠭᠠᠷᠭᠠᠵᠤ᠂ ᠠᠮᠢᠳᠤᠷᠠᠯ ᠤᠨ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ ᠥᠭᠴᠡᠢ᠃ | ᠡᠨᠡ ᠵᠢᠯ᠂ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠵᠡᠮᠳᠡᠭᠴᠦᠳ ᠤᠨ ᠭᠡᠷ ᠤᠨ ᠬᠠᠷᠰᠢ | ᠰᠠᠭᠠᠳ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠨᠢᠭᠡ ᠡᠷᠦᠭᠡ ᠳᠤ ᠨᠢᠭᠡ ᠠᠷᠭ᠎ᠠ | ᠪᠣᠳᠣᠯᠭ᠎ᠠ ᠠᠪᠴᠤ᠂ ᠵᠡᠮᠳᠡᠭᠴᠦᠳ ᠨᠢᠭᠡᠪᠦᠷᠢ ᠶᠢᠨ ᠥᠭᠡᠷᠡᠴᠢᠯᠡᠬᠦ ᠲᠤᠬᠠᠢ ᠰᠠᠨᠠᠯ ᠰᠠᠨᠠᠭᠤᠯᠭ᠎ᠠ ᠶᠢ ᠬᠢᠨᠠᠮᠠᠭᠠᠢ | ᠰᠣᠨᠣᠰᠪᠠ᠃ ᠵᠡᠮᠳᠡᠭᠴᠦᠳ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠡᠷ ᠲᠡᠭᠡᠨ ᠰᠠᠭᠠᠳ | ᠦᠭᠡᠢ ᠠᠮᠢᠳᠤᠷᠠᠬᠤ ᠲᠥᠰᠥᠯ ᠢ ︽ᠪᠡᠶ᠎ᠡ ᠳᠤᠨᠢ ᠲᠣᠬᠢᠷᠠᠭᠤᠯᠤᠨ ᠲᠣᠭᠲᠠᠭᠠᠵᠤ︾᠂ ᠲᠤᠰᠬᠠᠢ ᠮᠡᠷᠭᠡᠵᠢᠯ ᠤᠨ | ᠠᠵᠢᠯᠲᠠᠨ ᠢ ᠵᠣᠬᠢᠶᠠᠨ ᠪᠠᠶᠢᠭᠤᠯᠤᠨ ᠥᠭᠡᠷᠡᠴᠢᠯᠡᠵᠦ ᠵᠠᠰᠠᠭᠰᠠᠨ ᠪᠥᠭᠡᠳ ᠥᠭᠡᠷᠡᠴᠢᠯᠡᠨ ᠪᠠᠶᠢᠭᠤᠯᠬᠤ ᠲᠥᠷᠥᠯ | ᠵᠦᠢᠯ ᠤᠨ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠨᠢᠮᠪᠠᠢ ᠰᠢᠯᠭᠠᠨ ᠪᠠᠲᠤᠯᠠᠭᠰᠠᠨ ᠪᠠᠶᠢᠨ᠎ᠠ᠃ | ︽ᠪᠢ ᠵᠣᠭᠤᠰ ᠭᠠᠷᠭᠠᠭᠰᠠᠨ ᠦᠭᠡᠢ᠂ ᠵᠡᠮᠳᠡᠭᠴᠦᠳ ᠤᠨ ᠬᠤᠯᠪᠤᠭ᠎ᠠ ᠮᠠᠨ ᠤ ᠭᠡᠷ ᠢ ᠬᠠᠪᠰᠤᠷᠤᠨ | ᠲᠣᠭᠤᠭᠠᠨ ᠭᠡᠷ ᠪᠣᠯᠣᠨ ᠠᠷᠢᠭᠤᠨ ᠴᠡᠪᠡᠷ ᠤᠨ ᠲᠠᠰᠤᠯᠭ᠎ᠠ ᠶᠢ ᠥᠭᠡᠷᠡᠴᠢᠯᠡᠵᠦ ᠥᠭᠴᠡᠢ᠂ ᠥᠭᠡᠷᠡᠴᠢᠯᠡᠭᠰᠡᠨ ᠤ | ᠳᠠᠷᠠᠭᠠᠬᠢ ᠲᠣᠭᠤᠭᠠᠨ ᠭᠡᠷ ᠤᠨ ᠣᠷᠣᠨ ᠵᠠᠢ ᠨᠡᠮᠡᠭᠳᠡᠵᠦ᠂ ᠠᠷᠢᠭᠤᠨ ᠴᠡᠪᠡᠷ ᠤᠨ ᠲᠠᠰᠤᠯᠭ᠎ᠠ ᠴᠤ ᠬᠡᠷᠡᠭᠯᠡᠬᠦ ᠳᠤ | ᠳᠥᠭᠦᠮ ᠪᠣᠯᠵᠠᠢ᠂ ᠵᠡᠮᠳᠡᠭᠴᠦᠳ ᠤᠨ ᠬᠤᠯᠪᠤᠭ᠎ᠠ ᠶᠢᠨ ᠬᠢᠨ ᠮᠠᠨ ᠤ ᠵᠡᠮᠳᠡᠭᠴᠦᠳ ᠢ ᠬᠠᠯᠠᠮᠵᠢᠯᠠᠨ | ᠬᠠᠪᠰᠤᠷᠤᠬᠰᠠᠨ ᠳᠤ ᠲᠠᠯᠠᠷᠬᠠᠵᠤ ᠪᠠᠶᠢᠨ᠎ᠠ︾ ᠭᠡᠵᠦ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ | ᠪᠠᠯᠭᠠᠰᠤᠨ ᠤ ᠮᠠᠨᠳᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠶᠤᠨ ᠮᠡᠳᠡᠷᠡᠯ ᠤᠨ ᠬᠤᠶᠠᠳᠤᠭᠠᠷ ᠳᠡᠰ ᠤᠨ | ᠵᠡᠮᠳᠡᠭ ᠬᠥᠮᠥᠨ ᠰᠢᠦᠢ ᠸᠧᠨ ᠲᠠᠯᠠᠷᠬᠠᠨ ᠶᠠᠷᠢᠨ᠎ᠠ᠃ ᠲᠦᠷᠦᠭᠦᠬᠡᠨ᠂ ᠠᠯᠠᠱᠠ ᠪᠠᠷᠠᠭᠤᠨ ᠬᠤᠰᠢᠭᠤᠨ ᠤ | ᠵᠡᠮᠳᠡᠭᠴᠦᠳ ᠤᠨ ᠬᠤᠯᠪᠤᠭ᠎ᠠ ᠶᠢᠨ ᠰᠠᠭᠠᠳ ᠦᠭᠡᠢ ᠠᠮᠢᠳᠤᠷᠠᠯ ᠤᠨ ᠥᠭᠡᠷᠡᠴᠢᠯᠡᠯᠲᠡ ᠶᠢᠨ ᠠᠵᠢᠯ ᠤᠨ ᠳᠤᠭᠤᠶᠢᠯᠠᠩ | ᠲᠡᠭᠦᠨ ᠤ ᠪᠣᠳᠠᠲᠠᠢ ᠪᠠᠶᠢᠳᠠᠯ ᠢ ᠦᠨᠳᠦᠰᠦᠯᠡᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠪᠠ᠃ | ᠠᠰᠠᠷ ᠤᠨ ᠱᠠᠲᠤ᠂ ᠡᠭᠦᠳᠡᠨ ᠪᠣᠱᠤᠭ᠎ᠠ᠂ ᠭᠦᠳᠦᠭᠦᠷ ᠬᠤᠳᠤᠭᠤᠷ ᠵᠠᠮ ᠵᠡᠷᠭᠡ ᠡᠩ ᠤᠨ ᠬᠥᠮᠥᠨ ᠤ | ᠤᠪᠠᠶᠢᠯᠠᠬᠤ ᠦᠭᠡᠢ ᠵᠦᠢᠯᠡᠰ ᠨᠢ ᠵᠡᠮᠳᠡᠭᠴᠦᠳ ᠲᠤ ᠬᠠᠷᠢᠨ ᠳᠠᠪᠠᠵᠤ ᠳᠡᠶᠢᠯᠦᠰᠢ ᠦᠭᠡᠢ ︽ᠪᠠᠶᠢᠭᠠᠯᠢ ᠶᠢᠨ | ᠪᠠᠷᠲᠠᠭ᠎ᠠ︾ ᠪᠣᠯᠵᠤ ᠮᠡᠳᠡᠨ᠎ᠡ᠃ ᠡᠶᠢᠮᠦ ᠠᠴᠠ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠳᠣᠣᠷ᠎ᠠ ᠪᠠᠶᠢᠷᠢᠰᠢᠯᠲᠤ | ᠬᠤᠷᠭᠤ᠂ ᠴᠠᠭᠢᠯᠭᠠᠨ ᠭᠦᠳᠡᠯᠭᠡᠭᠦᠷᠲᠦ ᠬᠦᠷᠳᠦᠲᠦ ᠰᠠᠨᠳᠠᠯᠢ᠂ ᠪᠠᠶᠢᠷᠢ ᠰᠢᠯᠵᠢᠭᠦᠯᠬᠦ ᠮᠠᠰᠢᠨ᠂ ᠬᠤᠪᠴᠠᠰᠤ ᠡᠯᠭᠦᠬᠦ | ᠡᠷᠭᠦᠭᠦᠷ᠂ ᠴᠠᠭᠢᠯᠭᠠᠨ ᠭᠦᠳᠡᠯᠭᠡᠭᠦᠷᠲᠦ ᠴᠣᠩᠬᠤᠨ ᠪᠦᠲᠡᠭᠡᠯᠭᠡ ᠵᠡᠷᠭᠡ ᠪᠣᠯ ᠴᠥᠮ ᠬᠠᠷᠰᠢ ᠰᠠᠭᠠᠳ ᠦᠭᠡᠢ | ᠠᠮᠢᠳᠤᠷᠠᠯ ᠤᠨ ᠥᠭᠡᠷᠡᠴᠢᠯᠡᠬᠦ ᠵᠦᠢᠯᠡᠰ ᠪᠣᠯᠣᠨ᠎ᠠ᠃ ᠣᠲᠣ ᠪᠤᠯᠲᠠᠯ᠎ᠠ᠂ ᠠᠯᠠᠱᠠ ᠠᠶᠢᠮᠠᠭ ᠨᠢᠭᠡᠨᠲᠡ 72 ᠬᠦᠨᠳᠦ | ᠵᠡᠮᠳᠡᠭ ᠬᠦᠴᠢᠷᠳᠡᠯᠲᠡᠢ ᠭᠡᠷ ᠪᠦᠯᠢ ᠳᠤ ᠬᠠᠷᠰᠢ ᠰᠠᠭᠠᠳ ᠦᠭᠡᠢ ᠥᠭᠡᠷᠡᠴᠢᠯᠡᠯᠲᠡ ᠬᠢᠵᠦ ᠥᠭᠴᠡᠢ᠃ | ᠳᠠᠷᠠᠭᠠᠴᠢ ᠪᠠᠷ᠂ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠬᠦᠴᠢᠷᠳᠡᠯᠲᠡᠢ ᠬᠦᠨᠳᠦ | ᠵᠡᠮᠳᠡᠭᠴᠦᠳ ᠤᠨ ᠭᠡᠷ ᠲᠡᠭᠡᠨ ᠬᠠᠷᠰᠢ ᠰᠠᠭᠠᠳ ᠦᠭᠡᠢ ᠠᠮᠢᠳᠤᠷᠠᠬᠤ ᠥᠭᠡᠷᠡᠴᠢᠯᠡᠯᠲᠡ ᠶᠢᠨ ᠠᠵᠢᠯ ᠢ ᠠᠬᠢᠭᠤᠯᠤᠨ᠂ | ᠵᠡᠮᠳᠡᠭᠴᠦᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ | ᠵᠡᠮᠳᠡᠭᠴᠦᠳ ᠤᠨ ᠪᠡᠶ᠎ᠡ ᠪᠠᠨ ᠳᠠᠭᠠᠭᠠᠬᠤ ᠴᠢᠳᠠᠪᠤᠷᠢ ᠪᠣᠯᠣᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ | ᠳᠡᠭᠡᠭᠰᠢᠯᠡᠭᠦᠯᠭᠦ ᠪᠠᠷ ᠪᠠᠶᠢᠨ᠎ᠠ᠃ | |