ᠠᠯᠠᠱᠠ ᠠᠶᠢᠮᠠᠭ ᠤᠨ ᠡᠯ᠎ᠡ ᠡᠲᠡᠭᠡᠳ ᠤᠨ ᠬᠢᠨ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠨ ᠢᠶᠠᠨ ᠬᠦᠨᠳᠦᠯᠡᠨ ᠬᠠᠶᠢᠷᠠᠯᠠᠬᠤ ᠡᠷᠬᠢᠮ ᠰᠤᠷᠲᠠᠯ ᠢ ᠤᠯᠠᠮᠵᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2024/12/30
ᠨᠠᠷᠠᠨ᠎ᠠ᠂ ᠡᠷᠳᠡᠨᠢᠬᠦᠦ             10 ᠰᠠᠷ᠎ᠠ ᠪᠣᠯ ᠪᠦᠭᠦ ᠤᠯᠤᠰ ᠤᠨ ᠠᠷᠪᠠᠨ ᠲᠠᠪᠤᠳᠠᠭᠢ ᠨᠠᠰᠤᠲᠠᠨ ᠢᠶᠠᠨ ᠬᠦᠨᠳᠦᠯᠡᠬᠦ ᠰᠠᠷ᠎ᠠ ᠪᠣᠯᠣᠨ᠎ᠠ᠃ ᠣᠶᠢᠷ᠎ᠠ ᠳᠤ᠂ ᠠᠯᠠᠱᠠ ᠠᠶᠢᠮᠠᠭ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠥᠷᠨᠢᠭᠦᠯᠦᠨ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠲᠤᠰᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃              ᠠᠯᠠᠱᠠ ᠵᠡᠭᠦᠨ ᠬᠤᠰᠢᠭᠤᠨ ᠤ ᠸᠠᠩ ᠤᠨ ᠣᠷᠳᠣᠨ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠲᠡᠭᠷᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠰᠢ ᠮᠦ ᠳ᠋ᠦᠨ ᠢᠳᠡᠭᠡᠨ ᠤᠮᠳᠠᠭᠠᠨ ᠤ ᠪᠦᠯᠦᠭᠯᠡᠯ ᠲᠠᠢ ᠬᠤᠯᠪᠤᠭᠠᠯᠠᠨ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠠᠶᠠᠷ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠭᠤᠯᠢᠷ ᠨᠤᠬᠤᠨ ᠪᠠᠩᠰᠢ ᠪᠠᠷᠢᠵᠤ᠂ ᠨᠠᠰᠤᠲᠠᠶᠢᠴᠤᠳ ᠲᠤ ᠠᠮᠲᠠᠯᠠᠭᠤᠯᠤᠭᠰᠠᠨ ᠪᠥᠭᠡᠳ ᠭᠤᠶᠢᠳᠠ ᠰᠠᠶᠢᠬᠠᠨ ᠲᠣᠬᠯᠠᠯᠲᠠ ᠭᠠᠷᠭᠠᠵᠤ ᠰᠣᠨᠢᠷᠬᠠᠭᠤᠯᠵᠠᠢ᠃ ︽ᠡᠶᠢᠮᠦᠷᠬᠦᠦ ᠠᠵᠢᠯᠯᠠᠭ᠎ᠠ ᠪᠠᠷ ᠳᠠᠮᠵᠢᠭᠤᠯᠤᠨ᠂ ᠪᠦᠭᠦ ᠨᠡᠶᠢᠭᠡᠮ ᠢᠶᠠᠷ ᠢᠶᠠᠨ ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠠᠴᠢᠯᠠᠬᠤ ᠠᠭᠤᠷ ᠠᠮᠢᠰᠬᠤᠯ ᠢ ᠪᠤᠶ ᠪᠤᠯᠭᠠᠵᠤ᠂ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠨᠠᠰᠤᠲᠠᠶᠢᠴᠤᠳ ᠲᠤ ᠬᠦᠷᠭᠡᠵᠦ ᠪᠠᠶᠢᠨ᠎ᠠ︾ ᠭᠡᠵᠦ ᠸᠠᠩ ᠤᠨ ᠣᠷᠳᠣᠨ ᠵᠡᠭᠡᠯᠢ ᠭᠤᠳᠤᠮᠵᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠭᠢᠯᠡᠭᠴᠢ ᠶᠤᠸᠠᠨ ᠹᠠᠩ ᠶᠠᠷᠢᠯ᠎ᠠ᠃              ᠡᠪ ᠬᠠᠮᠲᠤ ᠵᠠᠯᠠᠭᠤᠴᠤᠳ ᠤᠨ ᠡᠪᠯᠡᠯ ᠤᠨ ᠠᠯᠠᠱᠠ ᠠᠶᠢᠮᠠᠭ ᠤᠨ ᠬᠤᠷᠢᠶ᠎ᠠ ᠨᠢ ᠠᠶᠢᠮᠠᠭ ᠤᠨ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠲᠠᠢ ᠬᠠᠮᠲᠤᠷᠠᠨ ᠠᠯᠠᠱᠠ ᠵᠡᠭᠦᠨ ᠬᠤᠰᠢᠭᠤᠨ ᠤ ᠰᠢᠶᠣᠣ ᠰᠢᠨ ᠶᠤᠸᠠᠨ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠪ ᠲᠤ ᠬᠦᠷᠴᠦ᠂ ᠨᠠᠰᠤᠲᠠᠶᠢᠴᠤᠳ ᠲᠤ ᠠᠮᠤ ᠪᠤᠳᠠᠭ᠎ᠠ᠂ ᠵᠢᠮᠢᠰ ᠵᠡᠷᠭᠡ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠦᠰᠦ ᠵᠠᠰᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠢ ᠬᠠᠯᠠᠮᠵᠢᠯᠠᠵᠠᠢ᠃ ︽ᠵᠠᠯᠠᠭᠤᠴᠤᠳ ᠢ ᠳᠠᠶᠢᠴᠢᠯᠠᠨ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠰᠠᠶᠢᠨ ᠰᠠᠶᠢᠬᠠᠨ ᠬᠡᠪ ᠰᠤᠷᠲᠠᠯ ᠢ ᠬᠥᠲᠥᠯᠥᠨ ᠳᠠᠭᠠᠭᠤᠯᠤᠯ᠎ᠠ᠃ ᠪᠢᠳᠠ ᠭᠠᠷ ᠬᠤᠯᠪᠣᠯᠴᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠨ᠂ ᠨᠠᠰᠤᠲᠠᠨ ᠢᠶᠠᠨ ᠠᠴᠢᠯᠠᠵᠤ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠠᠢ︾ ᠭᠡᠵᠦ ᠠᠶᠢᠮᠠᠭ ᠤᠨ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠬᠡᠷᠡᠭ ᠡᠷᠭᠢᠯᠡᠭᠴᠢ ᠲᠠᠩ ᠭᠤᠸᠠᠩ ᠫᠧᠩ ᠶᠠᠷᠢᠨ᠎ᠠ᠃              ᠠᠯᠠᠱᠠ ᠵᠡᠭᠦᠨ ᠬᠤᠰᠢᠭᠤᠨ ᠤ ᠨᠠᠨ ᠬᠤᠸᠠᠨ ᠵᠡᠭᠡᠯᠢ ᠭᠤᠳᠤᠮᠵᠢ ᠶᠢᠨ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠠᠵᠢᠯᠲᠠᠳ 75 ᠨᠠᠰᠤᠲᠠᠢ ᠲᠢᠶᠠᠨ ᠭᠤᠸᠠᠩ ᠯᠢᠶᠠᠩ ᠨᠠᠰᠤᠲᠠᠨ ᠤ ᠭᠡᠷ ᠲᠤ ᠣᠴᠢᠵᠤ ᠠᠮᠤ ᠬᠦᠨᠡᠰᠦ ᠲᠣᠰᠣ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠵᠡᠢ᠃ ︽ᠨᠡᠶᠢᠭᠡᠮ ᠲᠣᠭᠤᠷᠢᠭ ᠠᠴᠠ ᠪᠢᠳᠡᠨ ᠢ ᠬᠠᠷᠠᠭᠠᠯᠵᠠᠭᠰᠠᠨ ᠨᠢ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠯ᠎ᠡ᠂ ᠳᠡᠳᠡ ᠪᠠᠶᠢᠩᠭᠤ ᠲᠤᠰᠠᠯᠠᠮᠵᠢ ᠦᠵᠡᠭᠦᠯᠵᠦ ᠪᠠᠶᠢᠳᠠᠭ᠂ ᠦᠨᠡᠬᠡᠷ ᠰᠡᠳᠬᠢᠯ ᠳᠣᠭᠳᠣᠯᠵᠤ ᠪᠠᠶᠢᠨ᠎ᠠ︾ ᠭᠡᠵᠦ ᠲᠢᠶᠠᠨ ᠭᠤᠸᠠᠩ ᠯᠢᠶᠠᠩ ᠶᠠᠷᠢᠨ᠎ᠠ᠃ ︽ᠪᠢᠳᠡ ︿ᠵᠣᠯ ᠵᠢᠷᠭᠠᠯ ᠤᠨ ᠴᠠᠭᠠᠷᠢᠭ﹀ ᠨᠠᠮ ᠤᠨ ᠪᠠᠶᠢᠭᠤᠯᠤᠯᠲᠠ ᠶᠢᠨ ᠠᠷᠠᠳ ᠲᠤ ᠦᠢᠯᠡᠴᠢᠯᠡᠬᠦ ᠨᠠᠷᠠᠲᠤ ᠲᠡᠮᠳᠡᠭ ᠲᠤ ᠲᠦᠰᠢᠭᠯᠡᠨ᠂ ᠨᠡᠶᠢᠭᠡᠮ ᠲᠣᠭᠤᠷᠢᠭ ᠤᠨ ︿ᠨᠡᠶᠢᠲᠡ ᠶᠢᠨ ᠠᠰᠠᠷᠠᠮᠵᠢ ᠶᠢᠨ ᠬᠤᠯᠪᠤᠭ᠎ᠠ﹀᠎ ᠶᠢᠨ ᠬᠠᠪᠰᠤᠷᠤᠨ ᠲᠡᠳᠬᠦᠬᠦ᠂ ᠬᠠᠯᠠᠮᠵᠢᠯᠠᠨ ᠳᠡᠮᠵᠢᠬᠦ ᠶᠢ ᠳᠠᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠶᠠᠪᠤᠨ᠎ᠠ︾ ᠭᠡᠵᠦ ᠰᠢᠤᠸᠠᠢ ᠶᠤᠸᠠᠨ ᠳ᠋ᠦᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠡᠷᠭᠢᠯᠡᠭᠴᠢ ᠪᠦᠦ ᠳ᠋ᠦᠩ ᠮᠧᠢ ᠶᠠᠷᠢᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号