ᠥᠭᠡᠷᠡᠴᠢᠯᠡᠯᠲᠡ ᠶᠢᠨ ᠬᠦᠴᠦᠨ ᠢ ᠨᠢᠭᠲᠠᠷᠠᠭᠤᠯᠵᠤ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ ᠠᠯᠠᠱᠠ ᠵᠡᠭᠦᠨ ᠬᠤᠰᠢᠭᠤᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2024/12/30
             ᠥᠭᠡᠷᠡᠴᠢᠯᠡᠯᠲᠡ ᠶᠢᠨ ᠬᠦᠴᠦᠨ ᠢ ᠨᠢᠭᠲᠠᠷᠠᠭᠤᠯᠵᠤ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ ᠠᠯᠠᠱᠠ ᠵᠡᠭᠦᠨ ᠬᠤᠰᠢᠭᠤᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ              - ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂              ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ              ᠱᠦᠵᠢ ᠯᠢᠦ ᡁᠢ ᠴᠢᠶᠠᠩ ᠢ ᠰᠤᠷᠪᠤᠯᠵᠢᠯᠠᠭᠰᠠᠨ ᠨᠢ              ᠲᠤᠰ ᠰᠣᠨᠢᠨ ᠤ ᠰᠤᠷᠪᠤᠯᠵᠢᠯᠠᠬᠴᠢ ᠳ᠋ᠤᠸᠠᠨ ᠰᠢᠶᠣᠣ ᠢᠦᠢ                            ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠤᠩ ᠴᠢᠬᠤᠯᠠ ᠬᠤᠷᠠᠯ ᠮᠥᠨ᠂ ᠲᠡᠷᠡ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠶᠤᠮ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠣᠣᠷ᠎ᠠ᠂ ᠠᠯᠠᠱᠠ ᠵᠡᠭᠦᠨ ᠬᠤᠰᠢᠭᠤᠨ ᠤ ᠬᠢᠨ ᠥᠭᠡᠷᠡᠴᠢᠯᠡᠯᠲᠡ ᠶᠢᠨ ᠬᠦᠴᠦᠨ ᠢ ᠬᠡᠷᠬᠢᠨ ᠤᠯᠠᠮ ᠨᠢᠭᠡ ᠠᠯᠬᠤᠮ ᠨᠢᠭᠲᠠᠷᠠᠭᠤᠯᠬᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠤᠷᠪᠤᠯᠵᠢᠯᠠᠬᠴᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠢ ᠰᠤᠷᠪᠤᠯᠵᠢᠯᠠᠪᠠ᠃                            ᠯᠢᠦ ᡁᠢ ᠴᠢᠶᠠᠩ᠂ ᠠᠯᠠᠱᠠ ᠵᠡᠭᠦᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠤᠯᠭᠠᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠰᠠᠨ 125 ᠵᠦᠢᠯ ᠢ ᠲᠥᠯᠥᠪᠯᠡᠨ᠂ ︽ᠵᠢᠷᠭᠤᠭᠠᠨ ᠭᠤᠷᠪᠠ︾᠎ ᠶᠢᠨ ᠪᠣᠳᠠᠲᠤ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠪᠡ᠃              ᠨᠢᠭᠡ ᠳᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠬᠢᠵᠢᠭᠦᠯᠬᠦ ᠪᠠᠷ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠤᠯᠭᠠᠵᠦ᠂ ᠬᠠᠲᠤᠨ ᠭᠤᠣᠯ ᠤᠨ ᠰᠠᠪᠠ ᠭᠠᠵᠠᠷ ᠬᠢᠭᠡᠳ ᠠᠯᠠᠱᠠ ᠠᠭᠤᠯᠠ ᠶᠢ ᠨᠢᠭᠡ ᠴᠣᠭᠴᠠᠵᠢᠭᠤᠯᠤᠨ ᠬᠠᠮᠠᠭᠠᠯᠠᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠬᠥᠷᠥᠰᠥ ᠰᠢᠷᠣᠢ ᠶᠢ ᠬᠠᠮᠠᠭᠠᠯᠠᠨ ᠬᠢᠯᠢ ᠬᠢᠵᠠᠭᠠᠷ ᠢ ᠬᠠᠮᠠᠭᠠᠯᠠᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠥᠭᠡᠷᠡᠴᠢᠯᠡᠯᠲᠡ ᠶᠢᠨ ᠬᠦᠴᠦᠨ ᠢᠶᠠᠷ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠡᠯᠡᠰᠦᠷᠬᠡᠭᠵᠢᠭᠰᠡᠨ ᠣᠷᠣᠨ ᠤ ᠡᠷᠭᠢᠨ ᠲᠣᠭᠤᠷᠢᠨ ᠳᠤ ︽ᠡᠯᠡᠰᠦ ᠶᠢ ᠲᠣᠭᠲᠠᠪᠤᠷᠢᠵᠢᠭᠤᠯᠬᠤ︾ ᠵᠠᠰᠠᠯᠲᠠ ᠬᠢᠵᠦ᠂ ︽ᠨᠢᠰᠬᠡᠯ ᠢᠶᠠᠷ ᠣᠶᠢᠵᠢᠭᠤᠯᠬᠤ᠂ ᠪᠢᠲᠡᠭᠦᠮᠵᠢᠯᠡᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ︾ ᠵᠠᠭᠪᠤᠷ ᠢ ᠬᠡᠷᠡᠭᠵᠢᠭᠦᠯᠵᠦ᠂ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠭᠤᠣᠯ ᠴᠣᠭᠴᠠ ᠪᠤᠯᠬᠤ᠂ ᠮᠠᠯᠴᠢᠨ ᠲᠠᠷᠢᠶᠠᠴᠢᠨ ᠣᠷᠤᠯᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠬᠤ︾ ᠲᠣᠭᠲᠠᠴᠠ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠠᠴᠠ ᠣᠶᠢᠵᠢᠭᠤᠯᠤᠯᠲᠠ ᠶᠢ ᠲᠥᠯᠥᠪᠵᠢᠭᠦᠯᠬᠦ᠂ ᠲᠥᠷᠥᠯ ᠵᠦᠢᠯ ᠢ ᠭᠤᠶᠤᠴᠢᠯᠠᠬᠤ᠂ ᠮᠡᠷᠭᠡᠵᠢᠯ ᠤᠨ ᠳᠡᠮᠵᠢᠯᠭᠡ ᠦᠵᠡᠭᠦᠯᠭᠦ ᠪᠠ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠪᠠ ᠮᠠᠯᠴᠢᠨ ᠲᠠᠷᠢᠶᠠᠴᠢᠳ ᠤᠨ ᠣᠷᠣᠯᠴᠠᠭ᠎ᠠ ᠶᠢ ᠲᠠᠶᠢᠴᠢᠯᠠᠨ᠂ ᠠᠵᠤ ᠠᠬᠤᠢ ᠨᠡᠶᠢᠭᠡᠮ ᠤᠨ ᠠᠰᠢᠭ ᠢ ᠵᠡᠷᠭᠡ ᠪᠠᠷ ᠭᠦᠷᠳᠡᠭᠦ ᠶᠢ ᠪᠡᠶᠡᠯᠡᠭᠦᠯᠪᠡ᠃ ᠡᠨᠡ ᠵᠢᠯ ᠤᠨ 10 ᠰᠠᠷ᠎ᠠ ᠪᠤᠯᠳᠠᠯ᠎ᠠ᠂ ᠪᠦᠭᠦ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠬᠡᠪᠴᠢᠶ᠎ᠡ 190.5 ᠲᠦᠮᠡᠨ ᠮᠦ ᠳᠤ ᠬᠦᠷᠴᠦ᠂ ᠮᠠᠯᠴᠢᠨ ᠲᠠᠷᠢᠶᠠᠴᠢᠳ ᠴᠠᠭᠠᠨ ᠭᠤᠶᠣᠣ᠂ ᠤᠯᠠᠭᠠᠨ ᠭᠤᠶᠣᠣ ᠪᠣᠷᠣᠯᠠᠭᠤᠯᠬᠤ ᠪᠠᠷ ᠳᠡᠮᠵᠢᠨ 1.2 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠣᠯᠣᠭᠰᠠᠨ ᠪᠠᠶᠢᠨ᠎ᠠ᠃              ᠬᠤᠶᠠᠷ ᠲᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠢᠪᠲᠤᠯᠤᠯᠲᠠ ᠪᠤᠯᠭᠠᠵᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠭᠤᠣᠯᠳᠠᠯᠭᠠᠲᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠡᠷᠬᠡ ᠲᠡᠭᠰᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠭᠤᠷᠪᠠᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶᠢᠵᠢᠯᠲᠠ ᠶᠢᠨ ᠵᠠᠮ ᠢᠶᠠᠷ ᠵᠠᠮᠨᠠᠵᠤ᠂ ᠴᠠᠭᠠᠨ ᠭᠤᠶᠣᠣ ᠶᠢᠨ ᠨᠡᠷ᠎ᠡ ᠠᠯᠳᠠᠷᠰᠢᠯ ᠢ ᠨᠡᠮᠡᠭᠳᠡᠭᠦᠯᠦᠨ᠂ ᠴᠠᠭᠠᠨ ᠭᠤᠶᠣᠣ ᠶᠢᠨ ᠤᠯᠤᠰ ᠤᠨ ᠢᠳᠡᠭᠡᠨ ᠪᠠ ᠡᠮ ᠤᠨ ᠵᠦᠢᠯᠡᠰ ᠤᠨ ᠢᠷᠡᠯᠲᠡ ᠶᠢᠨ ᠭᠠᠷᠴᠠᠭ ᠲᠤ ᠵᠢᠭᠰᠠᠭᠠᠭᠳᠠᠬᠤ ᠶᠢ ᠲᠦᠯᠬᠢᠨ ᠠᠭᠢᠭᠤᠯᠪᠠ;ᠳ᠋ᠦᠡᠭ ᠧ ᠧ ᠵᠢᠶᠣᠣ ᠴᠠᠭᠠᠨ ᠭᠤᠶᠣᠣ ᠶᠢᠨ ᠡᠷᠡᠭᠦᠯᠵᠢᠯ ᠤᠨ ᠰᠢᠨᠵᠢᠯᠡᠭᠡ ᠮᠡᠷᠭᠡᠵᠢᠯ ︵ᠠᠯᠠᠱᠠ ᠠᠶᠢᠮᠠᠭ︶᠎ ᠤᠨ ᠬᠢᠵᠠᠭᠠᠷᠲᠤ ᠺᠤᠮᠫᠠᠨᠢ ᠶᠢ ᠣᠷᠣᠭᠤᠯᠤᠨ ᠠᠪᠴᠢᠷᠠᠵᠤ᠂ ᠴᠠᠭᠠᠨ ᠭᠤᠶᠣᠣ ᠶᠢᠨ ᠰᠢᠨ᠎ᠡ ᠲᠦᠷᠦᠯ ᠲᠡᠮᠳᠡᠭ ᠢ ᠪᠦᠭᠦ ᠳᠡᠯᠡᠬᠡᠢ ᠳᠤ ᠠᠮᠵᠢᠯᠲᠠ ᠲᠠᠢ ᠨᠡᠶᠢᠲᠡᠯᠡᠪᠡ;ᠨᠢᠭᠡ ᠪᠦᠯᠦᠭ ᠳᠡᠭᠡᠳᠦ ᠲᠡᠰ ᠤᠨ ᠴᠢᠳᠠᠪᠤᠷᠢᠲᠠᠨ᠂ ᠰᠢᠨ᠎ᠡ ᠶᠢ ᠡᠭᠦᠳᠬᠦ ᠪᠦᠯᠭᠦᠮ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠬᠢᠨ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠦᠢᠯᠡᠰ ᠪᠦᠲᠦᠭᠡᠬᠦ ᠬᠦᠷᠢᠶᠡᠯᠡᠩ ᠳᠤ ᠰᠠᠭᠤᠷᠢᠰᠢᠵᠤ᠂ ᠣᠨᠴᠠᠯᠢᠭᠲᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠦᠷ᠎ᠡ ᠪᠦᠲᠦᠭᠡᠯ ᠢ ᠬᠤᠪᠢᠷᠠᠭᠤᠯᠬᠤ᠂ ᠢᠵᠢ ᠪᠦᠷᠢᠳᠦᠭᠦᠯᠦᠨ ᠬᠠᠮᠵᠢᠯᠴᠠᠬᠤ᠂ ᠶᠡᠷᠦᠩᠬᠡᠶᠢᠯᠡᠭᠰᠡᠨ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠵᠡᠷᠭᠡ ᠡᠯ᠎ᠡ ᠲᠠᠯ᠎ᠠ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠲᠠᠯ᠎ᠠ ᠪᠠᠷ᠂ ᠰᠢᠨ᠎ᠡ ᠡᠨᠧᠷᠭᠢ᠂ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠮᠣ ᠭᠡᠯᠪᠡᠷᠢ ᠶᠢᠨ ᠪᠣᠬᠢᠷᠳᠤᠯ ᠦᠭᠡᠢ ᠴᠠᠭᠢᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠤᠯᠤᠰ ᠤᠨ ᠴᠠᠭᠢᠯᠭᠠᠨ ᠬᠦᠴᠦᠨ ᠤ ᠲᠡᠭᠷᠢ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ 100 ᠲᠦᠮᠡᠨ ᠺᠢᠯᠣᠸᠠᠲ ᠤᠨ ᠴᠠᠭᠢᠯᠭᠠᠨ ᠭᠠᠷᠭᠠᠬᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ᠂ ᠠᠯᠳ᠋ᠬᠠᠣᠪᠤᠭ᠎ᠠ ᠶᠢᠨ 500 ᠺᠢᠯᠣᠸᠠᠲ ᠤᠨ ᠴᠠᠭᠢᠯᠭᠠᠨ ᠬᠦᠴᠦᠳᠡᠯ ᠥᠭᠡᠷᠡᠴᠢᠯᠡᠬᠦ ᠢᠨᠵᠧᠨᠧᠷᠢᠩ ᠪᠠ ᠷᠧᠨ ᠾᠧ ᠶᠢᠨ ᠵᠢᠯ ᠳᠤ 20 ᠲᠦᠮᠡᠨ ᠲᠣᠨ ᠰᠠᠯᠬᠢᠨ ᠬᠦᠴᠦᠨ ᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠭᠦᠸᠧ ᠵᠦᠡᠭ᠂ ᠷᠦᠡᠭ ᠴᠦ᠋ ᠵᠡᠷᠭᠡ ᠡᠨᠧᠷᠭᠢ ᠬᠠᠳᠠᠭᠠᠯᠠᠬᠤ 4 ᠲᠥᠷᠥᠯ ᠵᠦᠢᠯ ᠢ ᠪᠦᠲᠦᠮᠵᠢᠳᠡᠢ ᠠᠬᠢᠭᠤᠯᠤᠭᠰᠠᠨ ᠪᠠᠶᠢᠨ᠎ᠠ᠃ ᠰᠣᠶᠣᠯ ᠵᠢᠭᠤᠯᠴᠢᠯᠠᠯ ᠵᠢᠴᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ᠨᠡᠶᠢᠭᠡᠮ ᠤᠨ ᠬᠥᠷᠥᠩᠭᠡ ᠪᠠ ᠡᠵᠡᠩᠨᠡᠯᠲᠡ ᠶᠢᠨ ᠴᠢᠨᠠᠷᠲᠠᠢ ᠪᠦᠯᠭᠦᠮ ᠨᠢᠭᠡᠴᠢ ᠶᠢ ᠤᠷᠢᠨ ᠠᠯᠠᠱᠠ ᠶᠢᠨ ᠬᠦᠰᠡᠯᠡᠩᠲᠦ ᠡᠯᠡᠰᠦ ᠮᠠᠩᠬᠠᠨ ᠤ ᠴᠡᠴᠡᠷᠯᠢᠭ ᠪᠠ ᠬᠤᠯᠠᠳᠠᠭᠢᠨ ᠢ ᠲᠣᠭᠲᠠᠭᠠᠭᠴᠢ ᠬᠤᠷᠢᠶ᠎ᠠ ᠵᠡᠷᠭᠡ ᠰᠣᠶᠣᠯ ᠵᠢᠭᠤᠯᠴᠢᠯᠠᠯ ᠤᠨ ᠭᠠᠵᠠᠷ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠪᠠ ᠦᠷᠭᠦᠯᠵᠢᠯᠡᠨ ᠬᠥᠭᠵᠢᠬᠦ ᠴᠢᠳᠠᠪᠤᠷᠢ ᠶᠢ ᠭᠦᠢᠴᠡᠳ ᠪᠠᠳᠠᠷᠠᠭᠤᠯᠵᠠᠢ᠃ ᠡᠨᠡ ᠵᠢᠯ ᠠᠴᠠ ᠨᠠᠭᠠᠰᠢ᠂ 327 ᠲᠦᠮᠡᠨ ᠲᠣᠭᠤᠷᠢᠨ ᠵᠤᠭᠠᠴᠠᠭᠴᠢ ︵ᠤᠳᠠᠭ᠎ᠠ︶ ᠠᠯᠠᠱᠠ ᠵᠡᠭᠦᠨ ᠬᠤᠰᠢᠭᠤ ᠪᠠᠷ ᠲᠣᠭᠤᠷᠢᠨ ᠵᠤᠭᠠᠯᠠᠵᠤ᠂ 16.4 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠦᠨ᠂ ᠡᠨᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 46.5%᠂ 83.8%᠎ ᠪᠠᠷ ᠨᠡᠮᠡᠭᠳᠡᠪᠡ᠃              ᠭᠤᠷᠪᠠ ᠳᠤ᠂ ᠳᠡᠷᠭᠡᠳᠡᠬᠢ ᠶᠠᠪᠤᠳᠠᠯ᠂ ᠪᠠᠭ᠎ᠠ ᠰᠠᠭ᠎ᠠ ᠶᠠᠪᠤᠳᠠᠯ ᠪᠠ ᠪᠣᠳᠠᠲᠤ ᠶᠠᠪᠤᠳᠠᠯ ᠢ ᠰᠢᠢᠳᠪᠦᠷᠢᠯᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠦᠭᠦ ᠶᠠᠪᠤᠴᠠ ᠳᠤ ᠲᠤᠭᠤᠰᠢᠯᠠᠭᠤᠯᠤᠨ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠬᠠᠩᠭᠠᠯᠭ᠎ᠠ ᠶᠢᠨ ᠲᠣᠭᠲᠠᠴᠠ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠠᠬᠢ ᠨᠢᠭᠡ ᠪᠦᠯᠦᠭ ᠭᠤᠣᠯᠳᠠᠯᠭᠠᠲᠤ ᠲᠦᠷᠦᠯ ᠵᠦᠢᠯ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠵᠡᠢ᠃ ᠨᠢᠩᠰᠢᠶᠠ ᠶᠢᠨ ᠡᠮᠨᠡᠯᠭᠡ ᠶᠢᠨ ᠶᠡᠭᠡ ᠰᠤᠷᠭᠠᠭᠤᠯᠢ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠵᠡᠷᠭᠡ ᠣᠷᠣᠨ ᠤ ᠳᠣᠲᠣᠨ᠎ᠠ ᠭᠠᠳᠠᠨᠠᠬᠢ ᠭᠤᠷᠪᠠᠨ ᠳᠡᠰ ᠤᠨ 9 ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 12 ᠰᠢᠨ᠎ᠡ ᠮᠡᠷᠭᠡᠵᠢᠯ ᠪᠠ ᠰᠢᠨ᠎ᠡ ᠲᠥᠷᠥᠯ ᠵᠦᠢᠯ ᠢ ᠣᠷᠣᠭᠤᠯᠵᠠᠢ; ᠡᠯ᠎ᠡ ᠲᠤᠮᠳᠠᠲᠦ ᠪᠠᠭ᠎ᠠ ᠰᠤᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠲᠤᠳᠬᠠᠭᠰᠠᠨ ᠨᠣᠷᠮ᠎ᠠ 100%᠎ ᠳᠤ ᠭᠦᠷᠴᠠᠢ;ᠬᠤᠲᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠠᠵᠢᠯ ᠦᠢᠯᠡᠰ ᠡᠷᠭᠢᠯᠡᠭᠦ ᠳᠤ ᠲᠣᠬᠢᠷᠠᠮᠵᠢᠲᠠᠢ ᠣᠷᠴᠢᠨ ᠨᠥᠬᠦᠴᠡᠯ ᠢ ᠰᠠᠶᠢᠵᠢᠷᠠᠭᠤᠯᠵᠤ᠂ ᠲᠤᠰ ᠵᠢᠯ ᠳᠡᠭᠡᠨ 83 ᠺᠢᠯᠣᠮᠧᠲᠷ ᠤᠨ ᠢᠯᠴᠢ ᠬᠠᠩᠭᠠᠬᠤ ᠬᠤᠭᠤᠯᠠᠢ᠂ 25.8 ᠺᠢᠯᠣᠮᠧᠲᠷ ᠤᠨ ᠤᠰᠤ ᠬᠠᠩᠭᠠᠬᠤ ᠬᠤᠭᠤᠯᠠᠢ ᠪᠣᠯᠣᠨ 6 ᠰᠠᠭᠤᠭᠠᠯᠢ ᠬᠤᠷᠢᠶᠠᠯᠠᠯ ᠢ ᠥᠭᠡᠷᠡᠴᠢᠯᠡᠨ ᠰᠢᠨᠡᠳᠬᠡᠵᠦ᠂ ᠲᠡᠷᠭᠡᠨ ᠵᠣᠭᠰᠣᠭᠠᠯ ᠪᠠ ᠬᠤᠳᠠ ᠶᠢᠨ ᠲᠡᠭᠦᠷᠭᠡ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠶᠢᠨ ᠬᠠᠮᠲᠤ ᠪᠠᠶᠠᠨᠬᠤᠲᠠ ᠶᠢᠨ ᠬᠡᠰᠡᠭ ᠮᠤᠬᠤᠷ ᠵᠠᠮ ᠢ ᠨᠡᠪᠲᠡᠷᠡᠭᠦᠯᠦᠨ᠂ ᠢᠩᠭᠡᠨ ᠰᠤᠮᠤᠨ ᠤ ᠬᠤᠶᠢᠲᠤ ᠭᠤᠪᠢ ᠶᠢᠨ ᠵᠠᠰᠠᠮᠠᠯ ᠵᠠᠮ ᠢ ᠨᠡᠪᠲᠡᠷᠡᠭᠦᠯᠦᠭᠰᠡᠨ ᠪᠠᠶᠢᠨ᠎ᠠ᠃                          
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号